ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠽᠧ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠵᠡᠭᠡᠯᠢ ᠭᠤᠳᠤᠮᠵᠢ ᠶᠢᠨ ᠪᠦᠬᠦ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ︽ᠬᠤᠶᠠᠷ ᠵᠥᠪᠯᠡᠯ︾ ᠤᠨ ᠪᠦᠷᠢᠯᠳᠦᠬᠦᠨ᠂ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠲᠤᠰ ᠤᠳᠠᠭᠠᠨ ᠤ ᠬᠤᠷᠠᠯ ᠳᠤ ᠣᠷᠣᠯᠴᠠᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠭᠦᠸᠧ ᠢ ᠵᠢᠶᠦ᠋ᠨ ᠬᠤᠷᠠᠯ ᠢ ᠡᠷᠬᠢᠯᠡᠪᠡ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠥᠭᠵᠢᠯᠲᠡ ᠶᠢᠨ ᠰᠡᠳᠬᠢᠴᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠵᠡᠷᠭᠡ ᠠᠵᠢᠯ ᠨᠢ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠪᠣᠯᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠤᠨ ᠲᠣᠭᠤᠷᠢᠨ ᠳᠤ᠂ ᠭᠤᠣᠯᠳᠠᠯᠭ᠎ᠠ ᠶᠢ ᠲᠤᠪᠤᠶᠢᠯᠭᠠᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠩᠨᠡᠭᠡ ᠶᠢ ᠠᠳᠬᠤᠬᠤ᠂ ᠰᠣᠶᠣᠯ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠲᠣᠭᠲᠠᠭᠤᠨ ᠢ ᠪᠠᠲᠤᠯᠠᠬᠤ᠂ ᠦᠢᠯᠡᠴᠢᠯᠡᠭᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠡᠯ᠎ᠡ ᠵᠦᠢᠯ ᠤᠨ ᠠᠵᠢᠯ ᠢ ᠬᠢᠯᠠᠰ ᠴᠡᠭ ᠪᠠ ᠣᠨᠴᠠᠯᠢᠭ ᠲᠠᠢ ᠬᠢᠵᠦ᠂ ᠠᠮᠵᠢᠯᠲᠠ ᠪᠦᠲᠦᠮᠵᠢ ᠭᠠᠷᠭᠠᠵᠠᠢ᠃      ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠰᠦᠪᠯᠡᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠪᠣᠯᠤᠨ᠎ᠠ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠂ ᠮᠥᠨᠴᠦ ᠬᠤᠳᠠ ᠶᠢᠨ ᠨᠠᠮ ᠤᠨ ᠬᠤᠷᠢᠶ᠎ᠠ ᠠᠴᠠ ᠲᠣᠭᠲᠠᠭᠠᠭᠰᠠᠨ ᠪᠣᠭᠤᠮᠲᠠ ᠰᠢᠪᠲᠤᠯᠬᠤ ᠵᠢᠯ ᠪᠣᠯᠤᠨ᠎ᠠ᠃ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠤᠯᠤᠰ ᠲᠦᠷᠦ ᠶᠢᠨ ᠪᠠᠶᠢᠭᠤᠯᠤᠯᠲᠠ ᠭᠡᠬᠦ ᠡᠨᠡ ᠬᠦ ᠦᠨᠳᠦᠰᠦᠨ ᠴᠢᠨᠠᠷᠲᠠᠢ ᠪᠠᠶᠢᠭᠤᠯᠤᠯᠲᠠ ᠶᠢ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠲᠠᠯ᠎ᠠ ᠪᠠᠷ ᠬᠠᠲᠠᠭᠤ ᠴᠢᠩᠭ᠎ᠠ᠂ ᠨᠠᠶᠢᠳᠠᠪᠤᠷᠢᠲᠠᠢ᠂ ᠬᠦᠴᠦᠷᠬᠡᠭᠵᠢᠬᠦ ᠶᠢ ᠪᠠᠲᠤᠯᠠᠬᠤ ᠬᠡᠷᠡᠭᠲᠡᠢ᠃ ᠵᠡᠭᠡᠯᠢ ᠭᠤᠳᠤᠮᠵᠢ ᠶᠢᠨ ᠤᠬᠠᠭᠤᠯᠭ᠎ᠠ ᠶᠢᠨ ᠠᠵᠢᠯ ᠨᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠴᠢᠨᠠᠷ ᠰᠠᠶᠢᠲᠠᠢ ᠤᠬᠠᠭᠤᠯᠭ᠎ᠠ ᠪᠠᠷ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠢ᠃ ᠵᠡᠭᠡᠯᠢ ᠭᠤᠳᠤᠮᠵᠢ ᠶᠢᠨ ᠨᠢᠭᠡᠳᠦᠮᠡᠯ ᠹᠷᠣᠨᠲ ᠤᠨ ᠠᠵᠢᠯ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠣᠭᠤᠷᠢᠭ ᠤᠨ ᠲᠥᠪ ᠢᠶᠠᠨ ᠪᠠᠲᠤ ᠰᠠᠬᠢᠬᠤ ᠪᠠ ᠬᠠᠮᠲᠤ ᠶᠢᠨ ᠲᠠᠨᠢᠯᠲᠠ ᠪᠠᠨ ᠥᠷᠭᠡᠳᠬᠡᠬᠦ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠨᠢᠭᠡᠳᠦᠮᠡᠯ ᠹᠷᠣᠨᠲ ᠤᠨ ᠳᠠᠪᠠᠭᠤᠯᠢᠭ ᠢᠶᠠᠨ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠲᠡᠢ᠃ ᠵᠡᠭᠡᠯᠢ ᠭᠤᠳᠤᠮᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠪᠠᠲᠤᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠪᠦᠬᠦ ᠬᠦᠴᠦᠨ ᠢᠶᠠᠷ ᠢᠶᠠᠨ ᠭᠦᠢᠴᠡᠳᠬᠡᠵᠦ᠂ ᠬᠠᠷᠢᠶ᠎ᠠ ᠣᠷᠣᠨ ᠤ ᠥᠷᠭᠡᠨ ᠤᠯᠠᠨ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠪᠠᠲᠤᠯᠠᠬᠤ ᠬᠡᠷᠡᠭᠲᠡᠢ᠃ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠨᠢ ᠨᠢᠭᠡ ᠮᠥᠴᠡ ᠴᠦ ᠵᠣᠭᠰᠣᠯ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠪᠠᠲᠤᠯᠠᠬᠤ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号