ᠭᠦᠬᠤᠰᠣ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 131 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/7
      4 ᠰᠠᠷ᠎ᠠ ᠶᠢᠨ 3 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᡁᠢ ᠯᠸᠢ ᠭᠦᠬᠤᠰᠣ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 131 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠭᠦᠶ᠋ᠵᠡᠦ ᠪᠣᠯᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠨᠡᠨ︾ ᠰᠡᠳᠬᠦᠯ ᠳᠤ ︽︿ᠬᠤᠶᠠᠷ ᠢ ᠥᠴᠦᠬᠡᠨ ᠴᠦ ᠭᠤᠶᠢᠪᠢᠰᠢ ᠥᠬᠡᠶ︾ ᠭᠡᠬᠦ ᠴᠢᠬᠤᠯᠠ ᠵᠣᠬᠢᠶᠠᠯ ᠨᠡᠶᠢᠲᠡᠯᠡᠵᠦ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
1.jpg
      ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠭᠦᠢᠵᠸᠦ ᠪᠣᠯᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠬᠦ᠂ ᠦᠢᠯᠡᠰ ᠪᠤᠰᠬᠠᠵᠤ ᠰᠢᠶᠠᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠨᠢᠭᠡ ᠴᠤᠬᠴᠠᠵᠢᠭᠤᠯᠤᠨ ᠬᠥᠭᠵᠢᠭᠦᠯᠬᠦ᠂ ᠰᠣᠶᠣᠯ ᠤᠨ ᠪᠠᠶᠢᠭᠤᠯᠤᠯᠲᠠ ᠪᠣᠯᠤᠨ ᠪᠣᠯᠪᠠᠰᠤᠨ ᠤ ᠰᠢᠨ᠎ᠡ ᠰᠤᠷᠲᠠᠯ ᠤᠨ ᠬᠥᠮᠦᠵᠢᠯ ᠢ ᠴᠢᠩᠭᠠᠳᠬᠠᠬᠤ᠂ ᠨᠠᠮ ᠤᠨ ᠤᠳᠤᠷᠢᠳᠤᠯᠭ᠎ᠠ ᠶᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠵᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠡᠷᠴᠢ ᠵᠣᠷᠢᠭ ᠢᠶᠠᠨ ᠬᠥᠪᠴᠢᠯᠡᠨ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ︽ᠬᠤᠶᠠᠷ ᠢ ᠲᠣᠭᠲᠠᠭᠠᠬᠤ︾ ᠶᠢ ᠤᠬᠠᠮᠰᠠᠷ ᠠᠴᠠ ᠪᠠᠨ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠲᠠᠯ᠎ᠠ ᠪᠠᠷ ᠦᠵᠡᠯ ᠰᠠᠨᠠᠭ᠎ᠠ᠂ ᠦᠢᠯᠡ ᠠᠵᠢᠯᠯᠠᠭ᠎ᠠ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽︿ᠬᠤᠶᠠᠷ ᠢ ᠭᠤᠶᠢᠪᠢᠰᠢ ᠦᠭᠡᠢ﹀ ᠶᠢᠨ ᠲᠤᠬᠠᠢ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠭᠤᠶᠢᠪᠢᠰᠢ ᠦᠭᠡᠢ︾ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠮᠠᠨ ᠤ ᠪᠠᠯᠭᠠᠰᠤᠨ ᠤ ᠨᠡᠶᠢᠲᠡ ᠶᠢᠨ ᠥᠮᠴᠢᠯᠡᠯ ᠤᠨ ᠠᠵᠤ ᠠᠬᠤᠢ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ᠬᠤᠷᠠᠯ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢ ᠤᠯᠠᠮᠵᠢᠯᠠᠨ ᠰᠤᠷᠤᠯᠴᠠᠵᠤ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠶᠢ ᠦᠨᠡᠨᠬᠦ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢ ᠤᠯᠠᠮᠵᠢᠯᠠᠨ ᠰᠤᠷᠤᠯᠴᠠᠵᠤ᠂ ᠰᠢᠨ᠎ᠡ ᠪᠠᠶᠢᠳᠠᠯ ᠳᠣᠤᠷᠠᠬᠢ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠠᠮᠤᠷ ᠲᠦᠪᠰᠢᠨ ᠤ ᠨᠡᠭᠡᠯᠡᠬᠡᠶ ᠶᠢ ᠴᠢᠩᠭ᠎ᠠ ᠠᠳᠬᠤᠵᠤ᠂ ᠡᠳᠦᠷ ᠲᠤᠲᠤᠮ ᠤᠨ ᠠᠵᠢᠯ ᠤᠨ ᠳᠤᠮᠳᠠ ᠤᠬᠠᠮᠰᠠᠷ ᠠᠴᠠ ᠪᠠᠨ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠨᠢᠭᠤᠴᠠ ᠶᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠰᠠᠶᠢᠲᠤᠷ ᠬᠢᠵᠦ᠂ ︽ᠨᠢᠭᠤᠴᠠ ᠶᠢ ᠬᠠᠮᠠᠭᠠᠯᠠᠬᠤ ᠳᠤ ᠪᠠᠭ᠎ᠠ ᠶᠠᠪᠤᠳᠠᠯ ᠥᠬᠡᠶ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠶ᠋ᠴᠡᠳᠬᠡᠬᠦ︾ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠨᠢᠭᠤᠴᠠ ᠶᠢᠨ ᠠᠮᠤᠷ ᠲᠦᠪᠰᠢᠨ ᠢ ᠬᠠᠮᠠᠭᠠᠯᠠᠬᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号