| | | ︽ᠬᠠᠶᠢᠨᠠᠨ ᠲᠣᠭᠤᠷᠢᠭ ᠤᠨ ᠨᠤᠲᠤᠭ ᠪᠡᠯᠴᠢᠭᠡᠷ ᠦᠩᠭᠡᠯᠡᠨ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ | ᠰᠢᠢᠳᠪᠦᠷᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠬᠠᠶᠢᠨᠠᠨ ᠵᠠᠰᠠᠭ ᠠᠯᠪᠠᠨ ᠲᠠᠷᠬᠠᠭᠠᠭᠰᠠᠨ ︹2020︺6 ᠳ᠋ᠤᠭᠠᠷ ᠲᠣᠭᠠᠲᠤ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠶᠢᠨᠠᠨ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ ᠳᠤ᠄ | ︽ᠬᠠᠶᠢᠨᠠᠨ ᠲᠣᠭᠤᠷᠢᠭ ᠤᠨ ᠲᠠᠯ᠎ᠠ ᠨᠤᠲᠤᠭ ᠥᠩᠭᠡᠷᠡᠬᠦ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ | ᠲᠥᠰᠦᠯ︾ ᠢ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠪᠡ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2025 ᠣᠨ ᠤ 2 ᠰᠠᠷ᠎ᠠ ᠶᠢᠨ 19 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | ᠬᠠᠶᠢᠨᠠᠨ ᠲᠤᠭᠤᠷᠢᠭ ᠤᠨ ᠨᠤᠲᠤᠭ ᠪᠡᠯᠴᠢᠭᠡᠷ ᠬᠡᠳᠤᠷᠬᠡᠢ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ | ᠠᠵᠢᠯ ᠤᠨ ᠲᠦᠰᠦᠯ | ᠮᠠᠨ ᠤ ᠲᠣᠭᠤᠷᠢᠭ ᠤᠨ ᠨᠤᠲᠤᠭ ᠪᠡᠯᠴᠢᠭᠡᠷ ᠢᠶᠠᠷ ᠦᠩᠭᠡᠯᠡᠨ ᠮᠠᠯᠵᠢᠬᠤ ᠠᠰᠠᠭᠤᠳᠠᠯ ᠢ ᠦᠨᠡᠨ ᠬᠦ | ᠰᠢᠢᠳᠪᠦᠷᠢᠯᠡᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠲᠥᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠪᠠ | ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠰᠡᠷᠭᠦᠭᠡᠬᠦ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ | ︹2022︺ 64 ᠳ᠋ᠦ᠋ᠭᠡᠷ ᠲᠣᠭᠠᠲᠤ︶ ᠢ ᠦᠨᠳᠦᠰᠦᠯᠡᠨ᠂ ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ | ᠪᠡᠯᠴᠢᠭᠡᠷ ᠰᠡᠷᠭᠦᠭᠡᠬᠦ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 63 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ | ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠪᠥᠲᠥᠭᠡᠨ ᠪᠠᠶᠢᠭᠤᠯᠬᠤ ᠶᠢ ᠵᠡᠷᠭᠡ ᠪᠠᠷ | ᠴᠢᠬᠤᠯᠠᠴᠢᠯᠠᠬᠤ᠂ ᠠᠮᠢ ᠠᠬᠤᠶ ᠶᠢ ᠰᠡᠷᠭᠦᠭᠡᠬᠦ ᠪᠠ ᠠᠵᠤ ᠦᠢᠯᠡᠰ ᠢ ᠬᠥᠭᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ | ᠢᠮᠠᠭᠲᠠ ᠪᠠᠷᠢᠮᠲᠠᠯᠠᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ | ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠰᠡᠯᠭᠦᠨ ᠰᠡᠷᠭᠦᠬᠦ ᠪᠠ ᠮᠠᠯ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠰᠡᠷᠭᠦᠯᠲᠡ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠨ᠎ᠡ᠃ | ︵ᠬᠤᠶᠠᠷ︶ ᠦᠨᠳᠦᠰᠦᠨ ᠵᠠᠷᠴᠢᠮ | 1. ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠎ᠠ᠃ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ | ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ | ︽ᠠᠮᠢ ᠠᠬᠤᠢ ᠶᠢ ᠲᠡᠷᠢᠭᠦᠨ ᠳᠤ ᠲᠠᠯᠪᠢᠬᠤ︾ ᠶᠢ ᠢᠮᠠᠭᠲᠠ ᠠᠵᠤ ᠦᠢᠯᠡᠰ ᠤᠨ ᠬᠥᠭᠵᠢᠯᠲᠡ ᠶᠢᠨ ᠳᠤᠮᠳᠠ ᠲᠤᠤᠱᠯᠠᠭᠤᠯᠬᠤ | ᠬᠡᠷᠡᠭᠲᠡᠢ᠃ | 2. ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠤᠲᠤᠭ | ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ᠂ ᠨᠤᠲᠤᠭ ᠪᠡᠯᠴᠢᠭᠡᠷ ᠤᠨ ᠠᠮᠢ | ᠠᠬᠤᠶ ᠶᠢ ᠰᠡᠷᠭᠦᠭᠡᠬᠦ ᠢᠨᠵᠧᠨᠧᠷᠢᠩ ᠲᠠᠢ ᠬᠠᠷᠢᠯᠴᠠᠨ ᠤᠶᠠᠯᠳᠤᠭᠤᠯᠵᠤ᠂ ᠨᠢᠭᠡ ᠬᠡᠰᠡᠭ ᠬᠠᠮᠠᠭᠠᠯᠠᠪᠠᠯ ᠨᠢᠭᠡ ᠬᠡᠰᠡᠭ ᠦᠷ᠎ᠡ | ᠪᠦᠲᠦᠮᠵᠢ ᠣᠯᠵᠤ᠂ ᠨᠢᠭᠡ ᠬᠡᠰᠡᠭ ᠰᠡᠷᠭᠦᠭᠡᠯᠲᠡ ᠶᠢ ᠦᠨᠡᠨ ᠬᠦ ᠪᠠᠲᠤᠯᠠᠵᠤ᠂ ᠨᠢᠭᠡ ᠬᠡᠰᠡᠭ ᠠᠮᠵᠢᠯᠲᠠᠲᠠᠶ ᠰᠡᠷᠭᠦᠭᠡᠪᠡ᠃ | 3. ᠡᠷᠬᠡ ᠬᠠᠷᠢᠭᠤᠴᠠᠯᠭ᠎ᠠ ᠲᠣᠳᠣᠷᠬᠠᠶ᠂ ᠱᠠᠩᠨᠠᠵᠤ ᠲᠣᠷᠭᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠎ᠠ᠃ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠰᠢᠯᠢᠳᠡᠭ ᠢ ᠨᠢ ᠱᠠᠩᠨᠠᠵᠤ ᠮᠠᠭᠤ ᠶᠢ ᠨᠢ | ᠲᠣᠷᠭᠠᠬᠤ ᠶᠢ ᠲᠤᠪᠤᠶᠢᠯᠭᠠᠵᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ︵ᠭᠤᠷᠪᠠ︶ ᠭᠤᠣᠯ ᠬᠠᠷᠠᠯᠲᠠ | ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠮᠠᠯᠴᠢᠨ | ᠲᠠᠷᠢᠶᠠᠴᠢᠨ ᠤ ᠤᠯᠠᠮᠵᠢᠯᠠᠯᠲᠤ ᠦᠵᠡᠯᠲᠡ ᠶᠢ ᠦᠨᠡᠨ ᠬᠦ ᠬᠤᠪᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ | ᠬᠡᠮᠵᠢᠵᠦ ᠦᠨᠡᠯᠡᠨ ᠵᠢᠱᠢᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠵᠤ᠂ ︽ᠭᠤᠷᠪᠠᠨ ᠤᠮᠠᠷᠠᠲᠤ︾ ᠶᠢᠨ | ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠣᠶ ᠰᠢᠭᠤᠶ ᠡᠪᠡᠰᠦ ᠴᠢᠭᠢᠭᠯᠢᠭ ᠭᠠᠵᠠᠷ ᠢ ᠨᠢᠭᠡ ᠴᠤᠭᠴᠠᠵᠢᠭᠤᠯᠤᠨ | ᠬᠠᠮᠠᠭᠠᠯᠠᠨ ᠰᠡᠷᠭᠦᠭᠡᠬᠦ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠣᠷᠭᠠᠨᠢᠭ ᠢᠶᠠᠷ | ᠤᠶᠠᠯᠳᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ᠂ ᠨᠡᠭᠦᠷᠡᠰᠦᠲᠥ᠋ᠷᠥᠭᠴᠢ ᠶᠢ | ᠰᠢᠩᠭᠡᠭᠡᠨ ᠠᠪᠴᠤ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ 2025 ᠣᠨ ᠤ ᠡᠴᠦᠰ ᠪᠣᠯᠬᠤ ᠳᠤ᠂ | ᠬᠠᠷᠢᠶ᠎ᠠ ᠣᠷᠣᠨ ᠤ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠠᠰᠠᠭᠤᠳᠠᠯ ᠢᠯᠡᠳᠲᠡ ᠰᠠᠶᠢᠵᠢᠷᠠᠪᠠ︔ 2030 ᠤᠨ | ᠪᠣᠯᠬᠤ ᠳᠤ᠂ ᠬᠠᠷᠢᠶ᠎ᠠ ᠣᠷᠣᠨ ᠤ ᠨᠤᠲᠤᠭ ᠪᠡᠯᠴᠢᠭᠡᠷ ᠤᠨ ᠶᠠᠰᠤ ᠴᠢᠨᠠᠷ ᠲᠣᠭᠲᠠᠭᠤᠨ ᠤ ᠳᠤᠮᠳᠠ ᠳᠡᠭᠡᠭᠰᠢᠯᠡᠪᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠲᠡᠭᠦᠯᠳᠡᠷᠵᠢᠭᠦᠯᠦᠨ᠎ᠡ | 1. ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠣᠷᠣᠨ ᠢ ᠬᠤᠪᠢᠶᠠᠷᠢᠯᠠᠨ | ᠲᠣᠭᠲᠠᠭᠠᠬᠤ ᠬᠡᠷᠡᠭᠲᠡᠶ᠃ ︽ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠮᠠᠯᠵᠢᠬᠤ | ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠬᠠᠶ ᠵᠠᠷᠯᠠᠯ︾ ︵2012 ᠣᠨ ᠤ 6 ᠳ᠋ᠤᠭᠠᠷ ᠲᠣᠭᠠᠲᠤ︶ ᠢ | ᠦᠨᠳᠦᠰᠦᠯᠡᠨ᠂ ᠮᠠᠨ ᠤ ᠲᠣᠭᠤᠷᠢᠭ ᠬᠠᠷᠢᠶ᠎ᠠ ᠣᠷᠣᠨ ᠤ ᠨᠤᠲᠤᠭ ᠪᠡᠯᠴᠢᠭᠡᠷ ᠲᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ | ᠴᠠᠭᠠᠵᠠᠯᠠᠬᠤ ᠶᠢ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠰᠡᠯᠭᠦᠨ ᠮᠠᠯᠵᠢᠬᠤ ᠣᠷᠣᠨ ᠢ | ᠵᠠᠭᠠᠭᠯᠠᠨ ᠲᠣᠭᠲᠠᠭᠠᠬᠤ ᠥᠬᠡᠶ ᠪᠠᠶᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠳᠣᠲᠣᠷ᠎ᠠ ᠦᠬᠡᠷ᠂ ᠬᠤᠨᠢ ᠵᠡᠷᠭᠡ | ᠡᠪᠡᠰᠦᠨ ᠲᠡᠵᠢᠭᠡᠯᠲᠦ ᠠᠮᠢᠲᠠᠨ ᠲᠠᠯᠪᠢᠬᠤ ᠶᠢ ᠴᠠᠭᠠᠵᠠᠯᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠵᠠᠰᠠᠯᠲᠠ ᠶᠢᠨ | ᠣᠷᠣᠨ ᠨᠢ ᠵᠠᠰᠠᠭᠰᠠᠨ ᠤ ᠳᠠᠷᠠᠭᠠᠬᠢ ᠭᠤᠷᠪᠠᠨ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠢᠨᠵᠧᠨᠧᠷᠢᠩ ᠤᠨ ᠬᠠᠮᠢᠶᠠᠷᠴᠤ | ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ︶ | 2. ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ︽ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠲᠠᠢ ᠮᠠᠯᠴᠢᠨ | ᠲᠠᠷᠢᠶᠠᠴᠢᠨ ᠳᠤ ᠪᠣᠯ ᠲᠤᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠳᠤ ᠲᠣᠭᠲᠠᠭᠠᠭᠰᠠᠨ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠤ ᠳᠠᠷᠠᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢᠨ ᠪᠠᠷᠢᠮᠵᠢᠶ᠎ᠠ ᠶᠢ ᠵᠡᠷᠭᠡ ᠪᠠᠷ | ᠳᠣᠭᠢᠷᠠᠭᠤᠯᠤᠨ᠎ᠠ︶ ᠶᠣᠰᠣᠭᠠᠷ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠪᠠᠯᠠ ᠮᠥᠩᠭᠦ ᠣᠯᠭᠤᠬᠤ ᠡᠬᠡ ᠲᠠᠩᠰᠠ ᠶᠢ ᠪᠠᠶᠢᠭᠤᠯᠤᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢ | ᠴᠢᠩᠭᠠᠳᠬᠠᠬᠤ ᠶᠢ ᠬᠠᠷᠢᠭᠤᠴᠠᠨ᠎ᠠ︔ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠣᠨ ᠤ ᠨᠥᠬᠦᠪᠥᠷᠢ ᠱᠠᠩᠨᠠᠯ ᠤᠨ | ᠱᠠᠩᠨᠠᠯ ᠣᠯᠭᠤᠬᠤ ᠠᠵᠢᠯ ᠢ ᠰᠠᠶᠢᠲᠤᠷ ᠬᠢᠵᠦ᠂ ᠨᠥᠬᠦᠪᠥᠷᠢ ᠱᠠᠩᠨᠠᠯ ᠢ ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ | ᠪᠠᠲᠤᠯᠠᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠨᠥᠬᠦᠪᠥᠷᠢ ᠱᠠᠩᠨᠠᠯ ᠭᠥᠷᠳᠡᠭᠰᠡᠨ ᠪᠡᠯᠴᠢᠭᠡᠷᠯᠡᠭᠦᠯᠬᠦ ᠶᠢ | ᠴᠠᠭᠠᠵᠠᠯᠠᠬᠤ ᠣᠷᠣᠨ ᠳᠤ 2 ᠤᠳᠠᠭ᠎ᠠ ᠪᠡᠯᠴᠢᠭᠡᠷᠯᠡᠭᠦᠯᠬᠦ ᠪᠤᠶᠤ ᠭᠠᠳᠠᠨ᠎ᠠ ᠠᠴᠠ ᠢᠷᠡᠭᠰᠡᠨ ᠮᠠᠯ ᠢ 2 ᠤᠳᠠᠭ᠎ᠠ ᠦᠯᠡᠳᠡᠭᠡᠨ | ᠠᠪᠴᠤ ᠪᠡᠯᠴᠢᠭᠡᠷᠯᠡᠭᠦᠯᠦᠭᠰᠡᠨ ᠪᠠᠶᠢᠪᠠᠯ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠢᠢᠳᠬᠡᠵᠦ᠂ | ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠲᠣᠭᠲᠠᠭᠠᠯ ᠠᠴᠠ ᠵᠥᠷᠢᠴᠡᠨ | ᠮᠠᠯ ᠮᠠᠯᠵᠢᠭᠰᠠᠨ ᠪᠠᠶᠢᠳᠠᠯ ᠢ ᠦᠵᠡᠨ ᠲᠤᠬᠠᠶ ᠶᠢᠨ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢᠨ ᠪᠠᠯᠠ | ᠮᠥᠩᠭᠦ ᠶᠢ ᠣᠯᠭᠤᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ | ᠵᠥᠪᠬᠡᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠪᠠ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ | ᠨᠥᠬᠦᠪᠥᠷᠢ ᠳᠤ ᠬᠡᠷᠡᠭᠯᠡᠵᠦ᠂ ︽ᠳᠦᠷᠢᠮ︾ ᠢ ᠵᠥᠷᠢᠴᠡᠭᠰᠡᠨ ᠠᠴᠠ ᠪᠣᠯᠵᠤ ᠰᠠᠭᠤᠯᠭᠠᠨ ᠥᠭᠬᠦ ᠪᠡᠯᠡ ᠮᠥᠩᠭᠦ ᠳᠤ | ᠬᠡᠷᠡᠭᠯᠡᠵᠦ᠂ ᠲᠣᠭᠤᠷᠢᠭ ᠤᠨ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠢ | ᠬᠠᠮᠠᠭᠠᠯᠠᠨ ᠰᠡᠷᠭᠦᠭᠡᠬᠦ ᠵᠡᠷᠭᠡ ᠬᠠᠮᠢᠶ᠎ᠠ ᠪᠦᠬᠦᠢ ᠠᠵᠢᠯ ᠳᠤ ᠲᠤᠰᠬᠠᠢ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ | ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠪᠠᠯᠭᠠᠰᠤ᠂ ᠵᠡᠭᠡᠯᠢ ᠭᠤᠳᠤᠮᠵᠢ︶ | ︵ᠬᠤᠶᠠᠷ︶ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ | 3. ᠠᠮᠢ ᠠᠬᠤᠶ ᠶᠢᠨ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠲᠣᠭᠤᠷᠢᠭ ᠤᠨ ᠣᠶ ᠰᠢᠭᠤᠶ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠲᠠᠯᠠᠪᠠᠶ᠂ | ᠲᠠᠰ᠂ ᠤᠷᠭᠤᠮᠠᠯ ᠤᠨ ᠬᠤᠴᠢᠯᠭ᠎ᠠ ᠶᠢᠨ ᠪᠦᠷᠢᠯᠳᠦᠯ᠂ ᠦᠢᠯᠡᠳᠪᠦᠷᠢᠯᠡᠯ ᠤᠨ ᠴᠢᠳᠠᠪᠤᠷᠢ᠂ ᠠᠮᠢᠳᠤ ᠪᠣᠳᠠᠰ ᠤᠨ ᠭᠠᠮᠰᠢᠭ | ᠵᠡᠷᠭᠡ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠥᠳᠡᠯᠦᠩᠭᠦᠶ ᠬᠢᠨᠠᠨ ᠰᠢᠨᠵᠢᠯᠲᠡ ᠶᠢ ᠬᠡᠷᠡᠭᠵᠢᠭᠦᠯᠵᠦ᠂ ᠵᠢᠯ ᠪᠦᠷᠢ | ᠲᠣᠭᠲᠠᠮᠠᠯ ᠬᠤᠭᠤᠴᠠᠭ᠎ᠠ ᠲᠠᠢ ᠪᠠᠷ ᠡᠪᠡᠰᠦ ᠪᠡᠯᠴᠢᠭᠡᠷ ᠨᠣᠭᠤᠭᠠᠷᠠᠬᠤ᠂ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ᠂ | ᠨᠤᠲᠤᠭ ᠪᠡᠯᠴᠢᠭᠡᠷ ᠤᠨ ᠰᠢᠷᠠᠯᠠᠬᠤ ᠬᠤᠭᠤᠴᠠᠭᠠᠨ ᠳᠠᠬᠢ ᠠᠮᠢ ᠠᠬᠤᠶ ᠶᠢᠨ ᠬᠢᠨᠠᠨ ᠬᠡᠮᠵᠢᠯᠲᠡ ᠶᠢ ᠥᠷᠨᠢᠭᠦᠯᠵᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ ᠳᠤ ᠦᠨᠳᠦᠰᠦᠯᠡᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ | ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ | ᠪᠠᠯᠭᠠᠰᠤ᠂ ᠵᠡᠭᠡᠯᠢ ᠭᠤᠳᠤᠮᠵᠢ︶ | 4. ᠨᠤᠲᠤᠭ ᠪᠡᠯᠴᠢᠭᠡᠷ ᠤᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠪᠠᠶᠢᠳᠠᠯ ᠢ | ᠦᠨᠳᠦᠰᠦᠯᠡᠨ᠂ ᠲᠤᠰᠠᠭᠠᠷ ᠪᠤᠶᠤ ᠣᠷᠣᠨ ᠪᠦᠰᠡ ᠶᠢᠨ ᠦᠨᠳᠦᠰᠦᠨ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠠᠵᠢᠯ ᠤᠨ ᠥᠷᠲᠡᠭᠡ ᠶᠢ ᠠᠯᠬᠤᠮ ᠠᠯᠬᠤᠮ ᠢᠶᠠᠷ ᠰᠡᠷᠭᠦᠭᠡᠵᠦ᠂ ᠬᠥᠮᠦᠨ ᠪᠦᠷᠢ ᠳᠤ 15 ᠲᠦᠮᠡᠨ ᠮᠥ ᠠᠴᠠ ᠳᠡᠭᠡᠭᠰᠢ | ᠥᠬᠡᠶ ᠪᠠᠷᠢᠮᠵᠢᠶ᠎ᠠ ᠪᠠᠷ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠣᠤᠷ ᠪᠠᠶᠢᠭᠤᠯᠵᠤ᠂ ᠨᠤᠲᠤᠭ ᠪᠡᠯᠴᠢᠭᠡᠷ ᠤᠨ ᠲᠣᠤᠷ᠂ | ᠠᠮᠢᠳᠤ ᠪᠣᠳᠠᠰ ᠤᠨ ᠭᠠᠮᠰᠢᠭ ᠢ ᠰᠡᠷᠡᠮᠵᠢᠯᠡᠭᠦᠯᠬᠦ ᠪᠠ ᠨᠤᠲᠤᠭ ᠪᠡᠯᠴᠢᠭᠡᠷ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠣᠤᠷᠵᠢᠭᠤᠯᠤᠭᠰᠠᠨ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠎ᠠ᠃ | ᠨᠥᠬᠦᠴᠡᠯ ᠲᠠᠢ ᠪᠠᠯᠭᠠᠰᠤ ︵ᠵᠡᠭᠡᠯᠢ ᠭᠤᠳᠤᠮᠵᠢ︶ ᠶᠢ ᠠᠰᠢᠭᠯᠠᠨ ᠬᠥᠮᠦᠨ ᠦᠭᠡᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠲᠣᠭᠤᠷᠢᠨ ᠪᠠᠶᠢᠴᠠᠭᠠᠬᠤ ᠶᠢ ᠵᠣᠷᠢᠭᠵᠢᠭᠤᠯᠵᠤ᠂ ︽ᠬᠥᠮᠦᠨ︾ ᠢ ᠰᠡᠷᠭᠡᠶᠢᠯᠡᠬᠦ ᠪᠠ ︽ᠮᠡᠷᠭᠡᠵᠢᠯ︾ ᠢᠶᠠᠷ ᠰᠡᠷᠭᠡᠶᠢᠯᠡᠬᠦ ᠶᠢ | ᠬᠠᠷᠢᠯᠴᠠᠨ ᠤᠶᠠᠯᠳᠤᠭᠤᠯᠤᠭᠰᠠᠨ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ | ᠴᠢᠩᠭᠠᠷᠠᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ | ᠳᠠᠭᠠᠭᠤᠯᠢ ᠣᠳᠣᠨ ᠤ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠨᠤᠲᠤᠭ ᠪᠡᠯᠴᠢᠭᠡᠷ ᠤᠨ ᠠᠰᠢᠭᠯᠠᠯᠲᠠ ᠶᠢᠨ | ᠬᠦᠴᠦᠯᠡᠴᠡ ᠶᠢᠨ ᠤᠷᠢᠳᠴᠢᠯᠠᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠪᠠᠭᠤᠯᠭᠠᠵᠤ᠂ ᠲᠣᠤᠷᠵᠢᠭᠤᠯᠤᠨ | ᠬᠠᠷᠢᠭᠤᠴᠠᠯᠭ᠎ᠠ ᠪᠠᠭᠤᠯᠭᠠᠬᠤ᠂ ᠲᠣᠭᠠᠴᠢᠯᠠᠨ ᠬᠢᠨᠠᠨ ᠬᠠᠮᠢᠶᠠᠷᠬᠤ᠂ ᠬᠠᠤᠯᠢ ᠳᠦᠷᠢᠮᠵᠢᠭᠦᠯᠦᠨ ᠵᠢᠷᠤᠮᠵᠢᠭᠤᠯᠤᠭᠰᠠᠨ ᠨᠤᠲᠤᠭ | ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠦᠨᠡᠨᠬᠦ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠨ | ᠮᠠᠯ ᠬᠠᠷᠢᠭᠤᠯᠤᠭᠰᠠᠨ ᠦᠢᠯᠡ ᠠᠵᠢᠯᠯᠠᠭ᠎ᠠ ᠶᠢ ︽ᠲᠦᠷᠢᠮ︾ ᠤᠨ ᠶᠣᠰᠣᠭᠠᠷ ᠰᠢᠳᠬᠡᠨ ᠲᠣᠷᠭᠠᠨ᠎ᠠ᠃ ︵ᠬᠠᠷᠢᠭᠤᠴᠠᠯᠭᠠᠲᠤ | ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ | ᠪᠠᠯᠭᠠᠰᠤ᠂ ᠵᠡᠭᠡᠯᠢ ᠭᠤᠳᠤᠮᠵᠢ︶ | 5. ᠬᠡᠪᠰᠢᠭᠰᠡᠨ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠤᠨ᠎ᠠ᠃ ᠡᠯ᠎ᠡ ᠪᠠᠯᠭᠠᠰᠤ ︵ᠵᠡᠭᠡᠯᠢ ᠭᠤᠳᠤᠮᠵᠢ︶ | ᠬᠡᠪᠰᠢᠭᠰᠡᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠤᠯᠠᠷᠢᠯ ᠢᠶᠠᠷ ᠳᠡᠩᠰᠡᠯᠡᠨ ᠬᠠᠮᠢᠶᠠᠷᠴᠤ ᠪᠥᠬᠦᠶ ᠬᠡᠪᠴᠢᠶᠡᠨ | ᠳᠣᠲᠣᠷᠠᠬᠢ ᠲᠡᠵᠢᠭᠡᠨ ᠦᠷᠡᠵᠢᠭᠦᠯᠬᠦ ᠡᠷᠦᠬᠡ ᠶᠢᠨ ᠠᠷᠠᠴᠢᠯᠠᠨ ᠲᠡᠵᠢᠭᠡᠵᠦ ᠪᠠᠶᠢᠭ᠎ᠠ ᠮᠠᠯ ᠤᠨ ᠲᠤᠭ᠎ᠠ ᠬᠡᠮᠵᠢᠶ᠎ᠡ᠂ ᠳᠡᠩᠰᠡᠯᠡᠨ | ᠺᠠᠷᠳ᠋ᠯᠠᠵᠤ᠂ ᠬᠥᠳᠡᠯᠦᠩᠭᠦᠶ ᠪᠠᠷ ᠬᠠᠮᠢᠶᠠᠷᠬᠤ ᠬᠡᠷᠡᠭᠲᠡᠶ᠃ ᠡᠭᠦᠨ ᠤ ᠬᠠᠮᠲᠤ᠂ ᠨᠢᠯᠬ᠎ᠠ ᠣᠶ ᠶᠢᠨ ᠭᠠᠵᠠᠷ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ᠂ ᠬᠤᠲᠠ ᠪᠠᠯᠭᠠᠰᠤ ᠶᠢᠨ ᠵᠦᠯᠭᠡ ᠭᠠᠵᠠᠷ ᠵᠡᠷᠭᠡ ᠪᠡᠯᠴᠢᠭᠡᠷᠯᠡᠭᠦᠯᠦᠨ ᠮᠠᠯᠯᠠᠬᠤ ᠶᠢ ᠴᠠᠭᠠᠵᠠᠯᠠᠬᠤ | ᠣᠷᠣᠨ ᠪᠦᠰᠡ ᠳᠤ ᠲᠣᠭᠤᠷᠢᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠨᠢ ᠵᠢᠯ | ᠪᠦᠷᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠵᠤ᠂ ᠤᠷᠢᠳᠴᠢᠯᠠᠨ ᠮᠡᠳᠡᠭᠳᠡᠬᠦ ᠦᠭᠡᠢ᠂ | ᠲᠤᠬᠠᠢ ᠶᠢᠨ ᠭᠠᠵᠠᠷ ᠲᠤ ᠨᠢ ᠭᠡᠷᠡᠴᠢ ᠠᠪᠬᠤ ᠵᠡᠷᠭᠡ ᠬᠡᠯᠪᠡᠷᠢ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠶᠢᠨ | ᠬᠠᠮᠲᠤ᠂ ᠲᠣᠭᠤᠷᠢᠨ ᠪᠠᠶᠢᠴᠠᠭᠠᠭᠰᠠᠨ ᠦᠷ᠎ᠡ ᠳ᠋ᠦᠩ ᠢᠶᠠᠨ ᠬᠠᠷᠢᠶ᠎ᠠ ᠣᠷᠣᠨ ᠵᠦᠭ ᠴᠠᠭ ᠲᠤᠬᠠᠢ ᠳᠤ ᠨᠢ ᠮᠡᠳᠡᠭᠳᠡᠵᠦ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠤᠯᠢ ᠠᠴᠠ ᠵᠥᠷᠢᠴᠡᠨ ᠮᠠᠯ ᠮᠠᠯᠵᠢᠭᠰᠠᠨ ᠬᠡᠷᠡᠭ ᠤᠨ ᠰᠦᠪᠡᠭᠴᠢ ᠶᠢ | ᠲᠤᠰᠢᠶᠠᠨ ᠰᠢᠢᠳᠪᠦᠷᠢᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠣᠭᠲᠠᠭᠠᠯ ᠠᠴᠠ ᠵᠥᠷᠢᠴᠡᠨ ᠮᠠᠯ | ᠮᠠᠯᠵᠢᠭᠰᠠᠨ ᠬᠢᠨᠠᠯᠲᠠ ᠬᠠᠮᠢᠶᠠᠷᠤᠯᠲᠠ ᠬᠢᠭᠰᠡᠨ ᠤ ᠳᠠᠷᠠᠭ᠎ᠠ ᠬᠢᠨᠠᠯᠲᠠ ᠲᠠᠯᠪᠢᠬᠤ ᠲᠡᠰᠢ ᠬᠤᠪᠢᠷᠠᠭᠤᠯᠤᠨ᠂ ᠵᠠᠰᠠᠭ | ᠵᠠᠬᠢᠷᠭᠠᠨ ᠢᠶᠠᠷ ᠰᠢᠳᠬᠡᠨ ᠲᠣᠷᠭᠠᠬᠤ ᠠᠴᠠ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠲᠡᠶᠢᠰᠢ ᠬᠤᠪᠢᠷᠠᠭᠤᠯᠬᠤ ᠶᠢ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ︶ | ︵ᠭᠤᠷᠪᠠ︶ ᠬᠠᠣᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠴᠢᠳᠠᠪᠤᠷᠢ ᠶᠢ ᠴᠢᠩᠭᠠᠳᠬᠠᠨ᠎ᠠ | 6. ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠯ᠎ᠡ ᠪᠠᠯᠭᠠᠰᠤ | ︵ᠵᠡᠭᠡᠯᠢ ᠭᠤᠳᠤᠮᠵᠢ︶ ᠮᠠᠯ ᠤᠨᠤᠭ᠎ᠠ ᠶᠢᠨ ᠲᠤᠭ᠎ᠠ ᠬᠡᠮᠵᠢᠶ᠎ᠡ ᠶᠡᠭᠡ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ | ᠴᠠᠭᠠᠵᠠᠯᠠᠬᠤ ᠳᠦᠷᠢᠮ ᠢ ᠬᠡᠷᠡᠭᠵᠢᠭᠦᠯᠬᠦ ᠦᠭᠡᠢ ᠲᠡᠵᠢᠭᠡᠨ ᠦᠷᠡᠵᠢᠭᠦᠯᠬᠦ ᠡᠷᠦᠬᠡ ᠶᠢ ᠭᠤᠣᠯᠳᠠᠯᠭ᠎ᠠ ᠲᠠᠢ ᠪᠠᠷ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠣᠭᠤᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ︽ᠲᠦᠷᠢᠮ︾ | ᠤᠨ ᠲᠣᠭᠲᠠᠭᠠᠯ ᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠳᠤ ᠮᠠᠯ | ᠮᠠᠯᠵᠢᠵᠤ ᠪᠠᠶᠢᠭ᠎ᠠ ᠪᠠᠶᠢᠳᠠᠯ ᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ ᠳᠤ ᠰᠢᠯᠵᠢᠭᠦᠯᠦᠨ ᠲᠤᠰᠢᠶᠠᠵᠤ ᠵᠣᠭᠤᠰ ᠢᠶᠠᠷ ᠲᠣᠷᠭᠠᠨ᠎ᠠ᠃ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ | ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠬᠠᠮᠲᠤ ᠠᠵᠢᠯᠯᠠᠭᠰᠠᠳ ᠲᠤ ᠠᠳᠠᠯᠢ | ᠪᠤᠰᠤ ᠰᠢᠢᠳᠬᠡᠯ ᠲᠣᠷᠭᠠᠭᠤᠯᠢ᠂ ᠰᠢᠳᠬᠡᠯ ᠨᠢ ᠡᠷᠬᠡ ᠲᠡᠭᠰᠢ ᠲᠥᠪ ᠭᠤᠤᠯᠴᠢ ᠪᠠᠶᠢᠬᠤ ᠶᠢ ᠠᠯᠳᠠᠭᠰᠠᠨ᠂ ᠬᠡᠲᠦᠷᠡᠲᠡᠯ᠎ᠡ | ᠬᠠᠤᠯᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠰᠡᠷᠭᠡᠶᠢᠯᠡᠪᠡ᠃ ᠵᠠᠭᠠᠯᠳᠤᠬᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ | ᠵᠠᠬᠢᠳᠠᠯ ᠤᠨ ᠬᠠᠶᠢᠷᠴᠠᠭ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ | ᠦᠭᠡᠶ ᠨᠡᠪᠲᠡᠷᠡᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ | ᠰᠢᠶ᠋ᠳᠪᠦᠷᠢᠯᠡᠬᠦ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠠᠷᠰᠢᠯᠠᠭᠰᠠᠳ ᠢ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠳᠤ ᠮᠡᠳᠡᠭᠦᠯᠦᠨ ᠬᠠᠤᠯᠢ ᠶᠣᠰᠣᠭᠠᠷ ᠰᠢᠶ᠋ᠳᠪᠦᠷᠢᠯᠡᠭᠦᠯᠵᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ᠂ | ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠬᠠᠶᠢᠨᠠᠨ ᠤ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶᠃ | ︵ᠲᠦᠷᠪᠡ︶ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | 7. ᠮᠠᠯ ᠤᠨᠤᠭ᠎ᠠ ᠶᠢ ᠬᠠᠰᠢᠶᠠᠯᠠᠨ ᠲᠡᠵᠢᠭᠡᠬᠦ ᠶᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠡᠷᠦᠬᠡ ᠶᠢ | ᠬᠥᠲᠥᠯᠦᠨ ᠵᠢᠯᠣᠭᠤᠳᠴᠤ ᠪᠠᠶᠢᠭᠠᠳ ᠪᠥᠬᠦ ᠵᠢᠯ ᠳᠤ ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ ᠶᠢ | ᠤᠬᠠᠮᠰᠠᠷ ᠠᠴᠠ ᠪᠠᠨ ᠬᠤᠷᠢᠭᠯᠠᠵᠤ᠂ ᠲᠡᠵᠢᠭᠡᠨ ᠦᠷᠡᠵᠢᠭᠦᠯᠬᠦ ᠡᠷᠦᠬᠡ ᠶᠢ ᠵᠣᠷᠢᠭᠵᠢᠭᠤᠯᠤᠨ ᠥᠪᠡᠷ ᠢᠶᠠᠨ ᠪᠠᠶᠢᠭᠤᠯᠬᠤ᠂ | ᠲᠥᠷᠥᠯ ᠵᠦᠢᠯ ᠢᠶᠠᠷ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠰᠢᠶ᠎ᠠ ᠰᠠᠷᠠᠪᠴᠢ᠂ ᠮᠠᠰᠢᠨ ᠮᠧᠬᠠᠨᠢᠭ | ᠵᠡᠷᠭᠡ ᠲᠡᠵᠢᠭᠡᠨ ᠦᠷᠡᠵᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ | ᠬᠠᠰᠢᠶᠠᠯᠠᠨ ᠲᠡᠵᠢᠭᠡᠬᠦ ᠱᠠᠭᠠᠷᠳᠠᠯᠭ᠎ᠠ ᠶᠢ ᠬᠠᠩᠭᠠᠨ᠎ᠠ᠃ ᠠᠵᠤ ᠠᠬᠤᠶᠢᠯᠠᠯ᠂ ᠬᠤᠷᠰᠢᠶ᠎ᠠ᠂ ᠲᠠᠷᠢᠶᠠᠯᠠᠬᠤ ᠮᠠᠯᠵᠢᠬᠤ | ᠡᠷᠦᠬᠡ ᠶᠢᠨ ᠥᠪᠡᠷ ᠲᠡᠭᠡᠨ ᠪᠡᠯᠡ ᠮᠥᠩᠭᠦ ᠬᠤᠷᠠᠮᠳᠤᠭᠤᠯᠬᠤ ᠶᠢ ᠵᠣᠷᠢᠭᠵᠢᠭᠤᠯᠵᠤ᠂ ᠬᠠᠰᠢᠶᠠᠯᠠᠨ ᠲᠡᠵᠢᠭᠡᠵᠦ ᠬᠤᠷᠣᠭᠠᠯᠠᠨ | ᠮᠠᠯᠯᠠᠬᠤ ᠶᠢ ᠢᠳᠡᠪᠬᠢᠲᠡᠶ ᠪᠠᠷ ᠬᠥᠭᠵᠢᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠮᠠᠯ ᠠᠵᠤ ᠠᠬᠤᠶ | ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ᠂ ᠬᠠᠶᠢᠨᠠᠨ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶ | 8. ᠲᠠᠷᠢᠮᠠᠯ ᠲᠡᠵᠢᠭᠡᠯ ᠡᠪᠡᠰᠦ ᠦᠢᠯᠡᠳᠪᠦᠷᠢᠯᠡᠬᠦ ᠪᠠ ᠡᠰᠢ ᠰᠦᠷᠡᠯ ᠢ ᠥᠨᠳᠥᠷ ᠦᠷ᠎ᠡ ᠪᠦᠲᠦᠮᠵᠢᠲᠡᠶ | ᠠᠰᠢᠭᠯᠠᠬᠤ ᠶᠢ ᠴᠢᠩᠭᠠᠳᠬᠠᠨ᠎ᠠ᠃ ᠬᠥᠮᠦᠨ ᠤ ᠬᠦᠴᠦ ᠪᠠᠷ ᠡᠪᠡᠰᠦ ᠪᠣᠷᠳᠤᠭ᠎ᠠ ᠦᠢᠯᠡᠳᠪᠦᠷᠢᠯᠡᠬᠦ ᠪᠠ ᠡᠰᠢ ᠰᠦᠷᠡᠯ ᠢ | ᠪᠣᠷᠳᠣᠭᠠᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠡᠩ ᠤᠨ ᠲᠠᠷᠢᠶᠠᠨ ᠭᠠᠵᠠᠷ᠂ ᠲᠠᠷᠢᠶᠠᠯᠠᠬᠤ ᠶᠢ ᠵᠣᠭᠰᠣᠭᠠᠵᠤ | ᠪᠡᠯᠴᠢᠭᠡᠷ ᠢ ᠰᠡᠷᠭᠦᠭᠡᠬᠦ᠂ ᠬᠤᠵᠢᠷᠯᠢᠭ ᠲᠠᠯ᠎ᠠ ᠪᠠ ᠡᠯᠡᠰᠦᠷᠬᠡᠭ ᠭᠠᠵᠠᠷ ᠵᠡᠷᠭᠡ ᠭᠠᠵᠠᠷ ᠰᠢᠷᠣᠢ ᠶᠢᠨ ᠡᠬᠢ ᠪᠠᠶᠠᠯᠢᠭ ᠢ | ᠰᠠᠶᠢᠲᠤᠷ ᠬᠡᠷᠡᠭᠯᠡᠬᠦ ᠶᠢ ᠵᠣᠷᠢᠭᠵᠢᠭᠤᠯᠵᠤ᠂ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠠᠴᠠ ᠪᠣᠯᠵᠤ | ᠤᠬᠤᠷᠢᠨ ᠭᠠᠷᠤᠭᠰᠠᠨ ᠲᠠᠷᠢᠶᠠᠨ ᠭᠠᠵᠠᠷ ᠢ ᠬᠥᠮᠥᠨ ᠤ ᠬᠦᠴᠦ ᠪᠠᠷ ᠡᠪᠡᠰᠦ ᠪᠣᠷᠳᠤᠭ᠎ᠠ ᠲᠠᠷᠢᠬᠤ ᠶᠢ ᠶᠡᠬᠡᠪᠡᠷ | ᠬᠥᠭᠵᠢᠭᠦᠯᠦᠨ᠎ᠡ᠃ ᠲᠠᠷᠢᠶᠠᠯᠠᠬᠤ ᠣᠷᠣᠨ ᠤ ᠡᠷᠳᠡᠨᠢ ᠰᠢᠰᠢ᠂ ᠨᠡᠷᠡᠨ ᠬᠤᠸᠠᠷ ᠵᠡᠷᠭᠡ ᠲᠠᠷᠢᠮᠠᠯ ᠢ ᠭᠦᠢᠴᠡᠳ ᠠᠰᠢᠭᠯᠠᠵᠤ | ᠬᠤᠷᠢᠶᠠᠭᠰᠠᠨ ᠤ ᠳᠠᠷᠠᠭᠠᠬᠢ ᠡᠰᠢ ᠰᠦᠷᠡᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠠᠷᠢᠶᠠᠯᠠᠬᠤ ᠣᠷᠣᠨ ᠤ ᠡᠪᠡᠰᠦ | ᠪᠣᠷᠳᠤᠭ᠎ᠠ ᠪᠠᠷ ᠮᠠᠯ ᠢᠶᠠᠨ ᠬᠠᠰᠢᠶᠠᠯᠠᠨ ᠲᠡᠵᠢᠭᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠮᠠᠯ ᠠᠵᠤ | ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ᠂ ᠬᠠᠶᠢᠨᠠᠨ ᠤ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠠᠵᠢᠯ ᠤᠨ ᠭᠤᠤᠯᠳᠠᠯᠭ᠎ᠠ ᠲᠠᠢ ᠡᠭᠦᠷᠭᠡ᠂ ᠭᠤᠤᠯᠳᠠᠯᠭ᠎ᠠ ᠲᠠᠢ ᠲᠥᠷᠥᠯ ᠵᠦᠢᠯ ᠪᠠ ᠴᠠᠭ ᠤᠨ ᠬᠦᠰᠦᠨᠦᠭᠲᠦ᠂ ᠵᠠᠮ | ᠱᠤᠭᠤᠮ ᠤᠨ ᠵᠢᠷᠤᠭ ᠢ ᠲᠣᠳᠣᠷᠬᠠᠶᠢᠯᠠᠵᠤ᠂ ᠵᠢᠷᠤᠭ ᠡᠯᠭᠦᠨ ᠪᠠᠶᠢᠯᠳᠤᠨ᠎ᠠ︔ ᠠᠵᠢᠯ ᠤᠨ ᠵᠠᠷᠤᠳᠠᠯ ᠲᠣᠬᠢᠷᠠᠭᠤᠯᠬᠤ ᠶᠢᠨ | ᠬᠠᠮᠲᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ᠂ ᠬᠠᠤᠯᠢ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ᠂ | ᠤᠬᠠᠭᠤᠯᠭ᠎ᠠ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠨ᠎ᠠ᠃ ᠡᠯ᠎ᠡ ᠪᠠᠯᠭᠠᠰᠤ ᠲᠣᠰ ᠬᠠᠷᠢᠶ᠎ᠠ ᠣᠷᠣᠨ ᠤ ᠪᠠᠨ | ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠪᠠᠯᠭᠠᠰᠤᠨ ᠤ ᠱᠠᠲᠤᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ | ᠬᠡᠷᠡᠭᠲᠡᠶ᠃ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠲᠦᠷᠦᠭᠦᠯᠡᠨ | ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠢᠳᠡᠪᠬᠢᠲᠡᠶ ᠪᠠᠷ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠦᠨ᠎ᠡ᠃ | ︵ᠬᠤᠶᠠᠷ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ | ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠨᠢ ᠪᠠᠶᠢᠩᠭᠤ ᠶᠢᠨ ᠴᠢᠨᠠᠷᠲᠠᠶ ᠬᠢᠭᠡᠳ ᠭᠡᠨᠡᠳᠲᠡ ᠶᠢᠨ ᠴᠢᠨᠠᠷᠲᠠᠶ | ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ | ᠪᠡᠯᠴᠢᠭᠡᠷᠯᠡᠭᠦᠯᠬᠦ ᠶᠢ ᠴᠠᠭᠠᠵᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ | ᠪᠡᠯᠴᠢᠭᠡᠷᠯᠡᠭᠦᠯᠬᠦ ᠶᠢ ᠴᠠᠭᠠᠵᠠᠯᠠᠭᠰᠠᠨ᠂ ᠤᠬᠠᠭᠤᠯᠬᠤ ᠪᠠ ᠬᠠᠤᠯᠢ ᠬᠡᠷᠡᠭᠵᠢᠭᠦᠯᠬᠦ ᠵᠡᠷᠭᠡ ᠪᠠᠶᠢᠳᠠᠯ ᠢ ᠰᠢᠮᠳᠠᠭᠤᠯᠤᠨ | ᠵᠢᠯᠣᠭᠤᠳᠴᠤ ᠪᠠᠶᠢᠴᠠᠭᠠᠬᠤ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ ᠨᠠᠶᠢᠳᠠᠪᠤᠷᠢᠵᠢᠭᠤᠯᠬᠤ ᠶᠢ ᠣᠶ | ᠰᠢᠭᠤᠶ ᠶᠢᠨ ᠳᠠᠷᠤᠭ᠎ᠠ ᠶᠢᠨ ᠲᠦᠷᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠯᠭᠠᠨ ᠬᠢᠨᠠᠬᠤ | ᠭᠦᠶ᠋ᠴᠡᠳᠬᠡᠯ ᠲᠤᠭ᠎ᠠ ᠳᠤ ᠣᠷᠣᠭᠤᠯᠵᠤ᠂ ᠰᠢᠮᠳᠠᠭᠤᠯᠤᠨ ᠵᠢᠯᠣᠭᠤᠳᠴᠤ ᠪᠠᠶᠢᠴᠠᠭᠠᠭᠰᠠᠨ ᠪᠠᠶᠢᠳᠠᠯ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠳᠤ ᠬᠢᠨᠠᠯᠲᠠ ᠲᠠᠯᠪᠢᠬᠤ᠂ ᠨᠤᠲᠤᠭ ᠪᠡᠯᠴᠢᠭᠡᠷ ᠤᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ᠂ ᠨᠤᠲᠤᠭ | ᠪᠡᠯᠴᠢᠭᠡᠷ ᠤᠨ ᠨᠥᠬᠦᠪᠥᠷᠢ ᠶᠢ ᠱᠠᠩᠨᠠᠵᠤ ᠮᠠᠯᠵᠢᠬᠤ ᠲᠠᠷᠢᠶᠠᠯᠠᠬᠤ ᠡᠷᠦᠬᠡ ᠶᠢ ᠱᠠᠩᠨᠠᠬᠤ ᠡᠬᠡ ᠲᠠᠩᠰᠠ ᠪᠠᠶᠢᠭᠤᠯᠬᠤ᠂ | ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠭᠦᠢᠴᠡᠳ ᠣᠯᠭᠤᠨ ᠪᠡᠯᠡᠨ ᠨᠣᠷᠮ᠎ᠠ ᠶᠢ ᠰᠢᠯᠭᠠᠨ ᠬᠢᠨᠠᠬᠤ ᠴᠢᠬᠤᠯᠠ | ᠦᠨᠳᠦᠰᠦᠯᠡᠯ ᠪᠣᠯᠭᠠᠵᠤ᠂ ᠪᠣᠳᠠᠲᠠᠶ ᠰᠢᠯᠭᠠᠨ ᠬᠢᠨᠠᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠣᠨ ᠤ ᠣᠶ | ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠬᠤ ᠭᠦᠶ᠋ᠴᠡᠳᠬᠡᠯ ᠲᠤᠭ᠎ᠠ ᠶᠢ ᠦᠨᠡᠯᠡᠬᠦ ᠠᠷᠭ᠎ᠠ ᠶᠢ ᠦᠨᠳᠦᠰᠦᠯᠡᠨ | ᠲᠣᠭᠲᠠᠭᠠᠨ᠎ᠠ᠃ ᠬᠢᠨᠠᠨ ᠰᠢᠯᠭᠠᠬᠤ ᠳᠤᠮᠳᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠨᠢ ᠰᠤᠯᠠ ᠪᠠᠶᠢᠭ᠎ᠠ ᠭᠠᠵᠠᠷ ᠣᠷᠣᠨ | ᠪᠣᠯᠤᠨ ᠨᠢᠭᠡᠴᠡ ᠶᠢ ᠣᠷᠣᠨ ᠤ ᠱᠠᠲᠤᠨ ᠤ ᠣᠶ ᠰᠢᠭᠤᠶ ᠶᠢᠨ ᠳᠠᠷᠤᠭ᠎ᠠ ᠪᠤᠶᠤ ᠳᠡᠳ᠋ ᠣᠶ ᠰᠢᠭᠤᠶ ᠶᠢᠨ ᠳᠠᠷᠤᠭ᠎ᠠ ᠠᠴᠠ | ᠳᠣᠤᠷ᠎ᠠ ᠨᠢᠭᠡ ᠱᠠᠲᠤᠨ ᠤ ᠣᠶ ᠰᠢᠭᠤᠶ ᠶᠢᠨ ᠳᠠᠷᠤᠭ᠎ᠠ ᠲᠠᠢ ᠪᠣᠯᠵᠣᠨ ᠶᠠᠷᠢᠯᠴᠠᠵᠤ ᠵᠠᠷᠯᠠᠨ ᠮᠡᠳᠡᠭᠳᠡᠵᠦ᠂ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠳᠠᠭᠠᠭᠠᠯᠭᠠᠵᠤ᠂ ᠬᠠᠮᠢᠶ᠎ᠠ ᠪᠥᠬᠦᠶ ᠬᠥᠮᠦᠰ ᠠᠴᠠ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ | ᠷᠠᠳᠢᠣ᠋ ᠲᠧᠯᠸᠢᠰ᠂ ᠰᠦᠯᠵᠢᠶ᠎ᠡ ᠵᠡᠷᠭᠡ ᠣᠯᠠᠨ ᠡᠰᠢᠵᠢᠭᠰᠡᠨ ᠰᠣᠨᠢᠨ ᠮᠡᠳᠡᠭᠡᠨ ᠤ ᠪᠣᠳᠠᠰ ᠢᠶᠠᠷ ᠳᠠᠮᠵᠢᠭᠤᠯᠤᠨ᠂ | ᠤᠬᠠᠭᠤᠯᠤᠨ ᠲᠠᠶᠢᠯᠪᠤᠷᠢᠯᠠᠬᠤ᠂ ᠪᠣᠯᠪᠠᠰᠤᠷᠠᠭᠤᠯᠬᠤ᠂ ᠰᠢᠷᠢᠰ ᠲᠠᠶᠢᠯᠤᠮᠵᠢ ᠬᠢᠬᠦ ᠵᠡᠷᠭᠡ ᠣᠯᠠᠨ ᠵᠦᠢᠯ ᠤᠨ ᠬᠡᠯᠪᠡᠷᠢ ᠶᠢ | ᠠᠪᠴᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ | ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ | ᠪᠦᠬᠦᠨ ᠳᠤ ᠣᠶᠢᠯᠠᠭᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠨ | ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ | ᠮᠠᠯᠴᠢᠨ ᠲᠠᠷᠢᠶᠠᠴᠢᠳ ᠤᠨ ᠣᠷᠣᠯᠴᠠᠬᠤ ᠬᠡᠮᠵᠢᠶ᠎ᠡ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠬᠡᠷᠡᠭᠲᠡᠶ᠃ ᠨᠤᠲᠤᠭ | ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠰᠢᠨ᠎ᠡ ᠠᠷᠭ᠎ᠠ ᠬᠡᠮᠵᠢᠶ᠎ᠡ᠂ ᠰᠢᠨ᠎ᠡ ᠨᠡᠶᠢᠲᠡᠯᠢᠭ ᠵᠢᠱᠢᠶ᠎ᠡ᠂ | ᠰᠢᠨ᠎ᠡ ᠲᠤᠷᠰᠢᠯᠭ᠎ᠠ᠂ ᠰᠢᠨ᠎ᠡ ᠦᠷ᠎ᠡ ᠪᠦᠲᠦᠮᠵᠢ ᠶᠢ ᠭᠦᠨᠵᠡᠭᠡᠶ ᠠᠭᠤᠳᠠᠯᠵᠤ᠂ ᠪᠦᠬᠦ ᠲᠠᠯ᠎ᠠ ᠪᠠᠷ ᠪᠦᠬᠦ ᠦᠵᠡᠮᠵᠢᠲᠦ | ᠬᠡᠯᠪᠡᠷᠢ ᠪᠠᠷ ᠤᠬᠠᠭᠤᠯᠤᠨ ᠮᠡᠳᠡᠭᠡᠯᠡᠵᠦ᠂ ᠪᠦᠬᠦ ᠨᠡᠶᠢᠭᠡᠮ ᠳᠤ ᠨᠤᠲᠤᠭ ᠪᠡᠯᠴᠢᠭᠡᠷ ᠢ ᠬᠠᠮᠠᠭᠠᠯᠠᠬᠤ ᠪᠠ ᠵᠦᠢ ᠵᠣᠬᠢᠰᠲᠠᠶ | ᠠᠰᠢᠭᠯᠠᠬᠤ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2025 ᠣᠨ ᠤ 2 ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ | | ︽ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2025 ᠣᠨ ᠤ ᠰᠢᠮᠳᠠᠭᠤᠯᠤᠨ ᠪᠠᠶᠢᠴᠠᠭᠠᠬᠤ | ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ | ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄ | ᠡᠳᠦᠭᠡ ︽ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2025 ᠣᠨ ᠤ ᠰᠢᠮᠳᠠᠭᠤᠯᠤᠨ | ᠪᠠᠶᠢᠴᠠᠭᠠᠬᠤ ᠠᠵᠢᠯ ᠤᠨ ᠭᠤᠤᠯᠳᠠᠯᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2025 ᠣᠨ ᠤ 2 ᠰᠠᠷ᠎ᠠ ᠶᠢᠨ 6 ᠤ ᠡᠳᠦᠷ | ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2025 ᠣᠨ ᠤ ᠱᠠᠯᠠᠪᠳᠠᠭᠤᠯᠤᠨ ᠪᠠᠶᠢᠴᠠᠭᠠᠬᠤ | ᠠᠵᠢᠯ ᠤᠨ ᠭᠤᠤᠯᠳᠠᠯᠭ᠎ᠠ | 2025 ᠣᠨ ᠳᠤ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠱᠠᠯᠠᠪᠳᠠᠭᠤᠯᠤᠨ ᠪᠠᠶᠢᠴᠠᠭᠠᠬᠤ | ᠠᠵᠢᠯ ᠳᠤ ︽ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠯᠠᠪᠳᠠᠭᠤᠯᠤᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠴᠣᠭᠴᠠᠯᠠᠬᠤ ᠪᠠᠷ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ︽ᠲᠠᠪᠤᠨ | ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠪᠣᠯᠣᠨ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠢ | ᠨᠠᠶᠢᠳᠠᠪᠤᠷᠢᠵᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ︽ᠵᠢᠷᠤᠮᠵᠢᠭᠤᠯᠬᠤ᠂ ᠴᠤᠮᠬᠠᠳᠬᠠᠬᠤ᠂ ᠲᠦᠷᠭᠡᠳᠬᠡᠬᠦ︾ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠱᠠᠯᠠᠪᠳᠠᠭᠤᠯᠤᠨ ᠪᠠᠶᠢᠴᠠᠭᠠᠬᠤ ᠵᠢᠮ᠎ᠡ ᠶᠣᠰᠣ ᠶᠢ ᠢᠳᠡᠪᠬᠢᠲᠡᠢ | ᠰᠦᠪᠡᠭᠴᠢᠯᠡᠵᠦ᠂ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠬᠤ | ᠠᠷᠭ᠎ᠠ ᠶᠢᠨ ᠰᠢᠨ᠎ᠡ ᠶᠢ ᠡᠭᠦᠳᠴᠦ᠂ ᠱᠠᠯᠠᠪᠳᠠᠭᠤᠯᠤᠨ ᠪᠠᠶᠢᠴᠠᠭᠠᠬᠤ ᠶᠢ ᠤᠶᠠᠯᠳᠤᠭᠤᠯᠵᠤ᠂ ᠱᠠᠯᠠᠪᠳᠠᠭᠤᠯᠤᠨ | ᠦᠢᠯᠡᠴᠢᠯᠡᠬᠦ ᠶᠢ ᠨᠢᠭᠡ ᠴᠤᠭᠴᠠᠵᠢᠭᠤᠯᠵᠤ᠂ ᠱᠠᠯᠠᠪᠳᠠᠭᠤᠯᠤᠨ ᠦᠢᠯᠡᠴᠢᠯᠡᠬᠦ ᠶᠢ ᠬᠤᠯᠪᠣᠭᠠᠯᠠᠨ ᠬᠥᠳᠡᠯᠦᠯᠴᠡᠵᠦ᠂ | ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃ | ᠨᠢᠭᠡ᠂ ᠰᠢᠮᠳᠠᠭᠤᠯᠤᠨ ᠪᠠᠶᠢᠴᠠᠭᠠᠬᠤ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ | ᠠᠵᠢᠯ ᠤᠨ ᠪᠦᠲᠦᠮᠵᠢᠲᠡᠢ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ | ︵ᠨᠢᠭᠡ︶ ᠡᠬᠢ ᠪᠠᠶᠠᠯᠢᠭ ᠤᠨ ᠬᠡᠯᠪᠡᠷᠢ ᠪᠦᠬᠦᠢ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠰᠠᠶᠢᠲᠤᠷ | ᠠᠳᠬᠤᠵᠤ᠂ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠡᠬᠢ ᠪᠠᠶᠠᠯᠢᠭ ᠤᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ | ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠬᠤᠲᠠ ᠪᠠᠯᠭᠠᠰᠤ ᠪᠠ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ᠂ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠶᠢ ᠪᠡᠶᠡᠯᠡᠭᠦᠯᠬᠦ ᠵᠡᠷᠭᠡ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ | ᠦᠨᠡᠨᠬᠦ ᠪᠠᠲᠤᠯᠠᠵᠤ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠴᠢᠷᠮᠠᠶᠢᠨ ᠪᠠᠲᠤᠯᠠᠨ᠎ᠠ᠃ | ︵ᠬᠤᠶᠠᠷ︶ ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠠᠳᠬᠤᠵᠤ᠂ ᠠᠵᠤ ᠠᠬᠤᠶ ᠶᠢᠨ | ᠲᠣᠭᠲᠠᠭᠤᠨ ᠢᠶᠠᠷ ᠨᠡᠮᠡᠭᠳᠡᠬᠦ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠴᠢᠬᠤᠯᠠ ᠶᠡᠭᠡ | ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠴᠢᠬᠤᠯᠠ ᠶᠡᠭᠡ ᠲᠥᠷᠥᠯ ᠵᠦᠢᠯ ᠢ ᠭᠦᠨᠵᠡᠭᠡᠶᠢᠷᠡᠭᠦᠯᠦᠨ᠂ 2025 ᠣᠨ ᠤ ᠴᠢᠬᠤᠯᠠ ᠶᠡᠭᠡ ᠲᠥᠷᠥᠯ ᠵᠦᠢᠯ ᠢ | ᠪᠣᠳᠠᠲᠠᠶᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠡᠮᠦᠨᠡᠬᠢ ᠬᠤᠭᠤᠴᠠᠭᠠᠨ ᠤ ᠠᠵᠢᠯ ᠢ ᠠᠳᠬᠤᠬᠤ᠂ ᠪᠠᠲᠤᠯᠠᠭ᠎ᠠ ᠶᠢ | ᠴᠢᠩᠭᠠᠳᠬᠠᠬᠤ᠂ ᠠᠵᠢᠯ ᠡᠬᠢᠯᠡᠭᠦᠯᠬᠦ ᠶᠢ ᠠᠬᠢᠭᠤᠯᠬᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠬᠡᠬᠦ ᠶᠢ ᠲᠦᠷᠭᠡᠳᠬᠡᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠦᠨ᠎ᠡ᠃ | ᠡᠭᠦᠨ ᠤ ᠬᠠᠮᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ | ᠬᠦᠷᠢᠶᠡᠯᠡᠩ ᠲᠣᠭᠤᠷᠢᠭ ᠤᠨ ︽ᠶᠠᠰᠤ ᠴᠢᠨᠠᠷ ᠢ ᠰᠢᠨ᠎ᠡ ᠪᠠᠷ ᠳᠡᠭᠡᠭᠰᠢᠯᠡᠭᠦᠯᠬᠦ︾ ᠢᠨᠵᠧᠨᠧᠷᠢᠩ ᠢ ᠯᠠᠪᠳᠠᠭᠤᠨ ᠪᠠᠲᠤᠲᠠᠶ | ᠥᠷᠨᠢᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠬᠤ ᠵᠡᠷᠭᠡ ᠠᠵᠢᠯ ᠢ ᠠᠬᠢᠭᠤᠯᠤᠭᠰᠠᠨ | ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠬᠡᠷᠡᠭᠲᠡᠶ᠃ | ︵ᠭᠤᠷᠪᠠ︶ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠪᠣᠬᠢᠷᠲᠤᠯ ᠦᠭᠡᠢ | ᠦᠨᠳᠦᠰᠦ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ | ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ︽ᠬᠤᠶᠠᠷ ᠶᠡᠬᠡᠲᠡᠢ︾ ᠲᠥᠷᠥᠯ ᠵᠦᠢᠯ ᠢ ᠵᠥᠪᠰᠢᠶᠡᠷᠡᠨ | ᠣᠷᠣᠭᠤᠯᠬᠤ ᠶᠢ ᠴᠢᠩᠭ᠎ᠠ ᠬᠢᠵᠠᠭᠠᠷᠯᠠᠵᠤ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ | ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠭᠤᠭᠠᠯᠢ ᠠᠷᠠᠳ ᠲᠤ ᠤᠰᠤᠨ ᠤ ᠱᠠᠲᠤᠯᠢᠭ ᠲᠣᠭᠲᠠᠴᠠ ᠶᠢ | ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠬᠠᠶᠠᠭᠳᠠᠮᠠᠯ ᠬᠡᠢ᠂ ᠲᠣᠭᠤᠰᠣ ᠰᠢᠷᠣᠢ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ | ᠭᠦᠨᠵᠡᠭᠡᠶᠢᠷᠡᠭᠦᠯᠦᠨ᠎ᠡ᠃ ᠭᠤᠣᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠡᠯ᠎ᠡ ᠲᠥᠷᠥᠯ ᠤᠨ ᠣᠷᠴᠢᠨ ᠲᠣᠭᠤᠷᠢᠨ ᠤ | ᠠᠰᠠᠭᠤᠳᠠᠯ ᠢ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠠᠭᠤᠷᠬᠠᠶ ᠶᠢ ᠶᠡᠷᠦᠩᠬᠡᠶᠢᠯᠡᠨ ᠵᠠᠰᠠᠬᠤ ᠪᠠ | ᠠᠮᠢ ᠠᠬᠤᠶ ᠶᠢ ᠰᠡᠷᠭᠦᠭᠡᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠶᠢ | ᠦᠷᠭᠦᠯᠵᠢᠯᠡᠨ ᠠᠬᠢᠭᠤᠯᠤᠨ᠎ᠠ᠃ | ︵ᠲᠦᠷᠪᠡ︶ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ | ᠠᠳᠬᠤᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ | ᠲᠦᠷᠭᠡᠳᠬᠡᠨ ᠠᠬᠢᠭᠤᠯᠤᠨ᠎ᠠ᠃ ᠬᠡᠦᠷᠰᠢᠭᠦᠯᠬᠦ ᠠᠵᠢᠯ ᠲᠥᠷᠥᠯ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠵᠦ᠂ | ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ | ᠨᠡᠭᠦᠷᠡᠰᠦ ᠤᠬᠢᠶᠠᠵᠤ ᠰᠣᠩᠭᠤᠬᠤ ᠠᠵᠢᠯ ᠲᠥᠷᠥᠯ ᠢ ᠨᠢᠭᠡ ᠴᠣᠭᠴᠠᠵᠢᠭᠤᠯᠤᠨ ᠡᠮᠬᠢᠯᠡᠨ ᠨᠡᠶᠢᠯᠡᠭᠦᠯᠬᠦ ᠶᠢ ᠪᠦᠲᠦᠮᠵᠢᠲᠡᠶ | ᠲᠦᠯᠬᠢᠨ ᠠᠬᠢᠭᠤᠯᠤᠨ᠎ᠠ᠃ ᠪᠣᠬᠢᠷᠲᠤᠯ ᠥᠬᠡᠶ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ | ᠪᠠᠶᠢᠭᠤᠯᠵᠤ᠂ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠦᠨ᠎ᠡ᠃ | ᠡᠭᠦᠨ ᠤ ᠬᠠᠮᠲᠤ ᠬᠤᠳᠠᠯᠳᠤᠭᠠᠨ ᠤ ᠬᠦᠷᠢᠶᠡᠨ ᠤ ᠡᠵᠡᠩᠨᠡᠯᠲᠡ ᠶᠢᠨ ᠪᠠᠶᠢᠳᠠᠯ ᠤᠨ ᠳᠡᠰ ᠳᠡᠪᠰᠢᠬᠦ ᠶᠢ ᠠᠬᠢᠭᠤᠯᠬᠤ ᠵᠢᠴᠢ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠶᠡᠬᠡᠪᠡᠷ ᠠᠬᠢᠭᠤᠯᠵᠤ᠂ ᠠᠷᠠᠳ ᠲᠤ ᠠᠰᠢᠭ ᠬᠦᠷᠲᠡᠭᠡᠵᠦ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ | ᠦᠶ᠋ᠯᠡᠳᠪᠦᠷᠢᠯᠡᠯ ᠦᠶ᠋ᠯᠡᠴᠢᠯᠡᠭᠡᠨ ᠤ ᠬᠡᠯᠪᠡᠷᠢ ᠶᠢᠨ ᠪᠠᠷᠠᠭᠠᠨ ᠤ ᠭᠦᠶ᠋ᠯᠭᠡᠭᠡᠨ ᠤ ᠬᠦᠢᠰᠦ ᠶᠢ ᠪᠣᠶ ᠪᠣᠯᠭᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠠᠳᠬᠤᠵᠤ᠂ | ᠠᠮᠤ ᠪᠤᠳᠠᠭᠠᠨ ᠤ ᠦᠶ᠋ᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ | ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠦᠷᠭᠦᠯᠵᠢᠯᠡᠨ ᠪᠤᠶᠢᠵᠢᠭᠤᠯᠬᠤ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠨ᠎ᠠ᠃ | ︵ᠲᠠᠪᠤ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠰᠠᠶᠢᠲᠤᠷ ᠠᠳᠬᠤᠵᠤ᠂ ᠬᠤᠲᠠ | ᠬᠥᠳᠡᠭᠡ ᠶᠢᠨ ᠴᠢᠳᠠᠮᠵᠢ ᠶᠢ ᠱᠠᠯᠠᠪᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ | ᠰᠠᠭᠤᠷᠢ ᠪᠡᠯᠡᠳᠬᠡᠮᠵᠢ ᠶᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠪᠣᠷᠣᠭᠠᠨ ᠤ ᠤᠰᠤ ᠪᠠ | ᠪᠣᠬᠢᠷ ᠤᠰᠤ ᠶᠢ ᠰᠠᠯᠭᠠᠨ ᠭᠠᠷᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠶ᠃ ᠷᠦ᠋ ᠢ᠂ ᠪᠢᠨ ᠾᠧ | ᠵᠡᠷᠭᠡ 4 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ︽ᠨᠢᠭᠡ ᠮᠦᠴᠡᠲᠤ | ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠵᠦ᠂ ᠪᠢᠴᠢᠯ | ᠰᠢᠨᠡᠴᠢᠯᠡᠯᠲᠡ᠂ ᠪᠢᠴᠢᠯ ᠥᠭᠡᠷᠡᠴᠢᠯᠡᠯᠲᠡ ᠶᠢ ︽ᠳᠤᠲᠠᠭᠤᠳᠠᠯ ᠢ ᠨᠥᠬᠦᠪᠥᠷᠢᠯᠡᠬᠦ︾ ᠢᠨᠵᠧᠨᠧᠷᠢᠩ ᠢ ᠬᠠᠨᠳᠤᠯᠭᠠᠲᠤ | ᠴᠢᠨᠠᠷᠲᠠᠶ ᠪᠠᠷ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ | ᠲᠠᠷᠢᠶᠠᠯᠠᠬᠤ ᠣᠷᠣᠨ ᠤ ᠠᠮᠢᠳᠤᠷᠠᠯ ᠤᠨ ᠬᠦᠷᠢᠶᠡᠨ ᠤ ᠲᠤᠷᠰᠢᠯᠲᠠ ᠶᠢ ᠰᠦᠪᠡᠭᠴᠢᠯᠡᠨ ᠪᠠᠶᠢᠭᠤᠯᠵᠤ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠢ | ᠠᠬᠢᠭᠤᠯᠤᠭᠰᠠᠨ ᠪᠠᠶᠢᠳᠠᠯ ᠢ ᠦᠷᠭᠦᠯᠵᠢᠯᠡᠨ ᠠᠬᠢᠭᠤᠯᠵᠤ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ | ︵ᠵᠢᠷᠭᠤᠭ᠎ᠠ︶ ᠥᠭᠡᠷᠡᠴᠢᠯᠡᠯᠲᠡ ᠶᠢᠨ ᠡᠭᠦᠷᠭᠡ ᠶᠢᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ | ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠬᠥᠭᠵᠢᠭᠡᠨ᠎ᠡ᠃ ᠣᠷᠣᠨ ᠤ ᠲᠠᠰ ᠤᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ | ᠬᠥᠮᠦᠨ ᠪᠣᠳᠠᠰ ᠡᠳ᠋ ᠪᠣᠳᠠᠰ ᠢ ᠨᠢᠭᠡ ᠴᠤᠭᠴᠠᠵᠢᠭᠤᠯᠬᠤ ᠥᠭᠡᠷᠡᠴᠢᠯᠡᠯᠲᠡ᠂ ᠲᠠᠷᠢᠶᠠᠯᠠᠬᠤ ᠣᠷᠣᠨ ᠤ ᠡᠷᠡᠭᠦᠯ | ᠬᠠᠮᠠᠭᠠᠯᠠᠯ ᠤᠨ ᠲᠠᠰᠤᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠠᠵᠢᠯ ᠢ ᠠᠬᠢᠭᠤᠯᠵᠤ ᠪᠠᠶᠢᠭ᠎ᠠ | ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠡᠭᠦᠨ ᠤ ᠬᠠᠮᠲᠤ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠷᠣᠰ ᠮᠣᠩᠭᠤᠯ ᠳᠤ ᠨᠡᠭᠡᠭᠡᠯᠲᠡ | ᠬᠢᠬᠦ ᠬᠢᠷᠢ ᠲᠦᠪᠰᠢᠨ ᠢ ᠤᠯᠠᠮ ᠨᠢᠭᠡ ᠠᠯᠬᠤᠮ ᠥᠷᠭᠡᠳᠬᠡᠨ᠎ᠡ᠃ ︽ᠬᠢᠯᠢ ᠶᠢᠨ ᠪᠣᠭᠤᠮᠲᠠ ᠶᠢᠨ ᠳᠣᠲᠣᠷ᠎ᠠ ᠭᠠᠵᠠᠷ︾ ᠤᠨ | ᠬᠤᠯᠪᠣᠭᠠᠯᠠᠨ ᠬᠥᠳᠡᠯᠦᠯᠴᠡᠬᠦ ᠶᠢ ᠨᠠᠶᠢᠳᠠᠪᠤᠷᠢᠵᠢᠭᠤᠯᠵᠤ᠂ ᠮᠣᠩᠭᠤᠯ ᠤᠯᠤᠰ ᠢᠶᠠᠷ ᠬᠢᠯᠢ ᠳᠤ ᠣᠷᠣᠭᠤᠯᠬᠤ ᠠᠷᠠᠯᠵᠢᠶᠠᠨ ᠤ | ᠲᠣᠭᠲᠠᠴᠠ ᠶᠢ ᠵᠣᠬᠢᠴᠠᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠨᠡᠭᠦᠷᠡᠰᠦ | ᠲᠣᠬᠢᠷᠠᠭᠤᠯᠬᠤ ᠲᠥᠪ ᠢ ᠰᠦᠪᠡᠭᠴᠢᠯᠡᠨ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠳᠤ | ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠡᠮ ᠡᠮᠨᠡᠯᠭᠡ | ᠵᠡᠷᠭᠡ ᠨᠡᠩ ᠤᠯᠠᠨ ᠬᠦᠷᠢᠶᠡᠨ ᠤ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠥᠷᠭᠡᠳᠬᠡᠨ᠎ᠡ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ | ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠬᠤ | ᠢᠨᠵᠧᠨᠧᠷᠢᠩ ᠢ ᠬᠡᠷᠡᠭᠵᠢᠭᠦᠯᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ | ᠥᠷᠨᠢᠭᠦᠯᠪᠡ᠃ | ︵ᠳᠤᠯᠤᠭ᠎ᠠ︶ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠢ ᠰᠠᠶᠢᠲᠤᠷ ᠠᠳᠬᠤᠵᠤ᠂ ᠵᠣᠯ | ᠵᠢᠷᠭᠠᠯ ᠤᠨ ᠵᠢᠭᠠᠯᠲᠠ ᠲᠤᠭ᠎ᠠ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠬᠦᠴᠦᠯᠡᠨ ᠳᠡᠭᠡᠭᠰᠢᠯᠡᠭᠦᠯᠦᠨ᠎ᠡ᠃ | ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠶᠢ ᠴᠢᠨᠠᠷ ᠰᠠᠶᠢᠲᠠᠶ ᠪᠠᠷ ᠰᠠᠶᠢᠲᠤᠷ ᠡᠷᠭᠢᠯᠡᠵᠦ᠂ ᠬᠤᠶᠠᠳᠤᠭᠠᠷ ᠬᠡᠤᠬᠡᠳ ᠤᠨ | ᠴᠡᠴᠡᠷᠯᠢᠭ ᠤᠨ ᠰᠢᠨ᠎ᠡ ᠰᠤᠷᠭᠠᠭᠤᠯᠢ ᠶᠢᠨ ᠲᠣᠭᠤᠷᠢᠭ ᠢ ᠡᠬᠢᠯᠡᠨ ᠬᠡᠷᠡᠭᠯᠡᠵᠦ᠂ ᠪᠠᠭᠰᠢ ᠶᠢᠨ ᠬᠦᠴᠦᠨ ᠤ ᠪᠣᠯᠪᠠᠰᠤᠷᠠᠭᠤᠯᠤᠯ ᠢ | ᠴᠢᠩᠭᠠᠳᠬᠠᠨ᠂ ᠨᠠᠷᠠᠲᠤ ᠰᠢᠯᠢᠳᠡᠭ ᠭᠤᠤᠯᠯᠠᠭᠴᠢ ᠪᠠᠭᠰᠢ ᠶᠢ ᠱᠠᠩᠨᠠᠨ ᠤᠷᠮᠠᠰᠢᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠰᠢᠮᠳᠠᠭᠤᠯᠤᠨ | ᠪᠠᠶᠢᠴᠠᠭᠠᠯᠲᠠ ᠥᠷᠨᠢᠭᠦᠯᠦᠨ᠎ᠡ᠃ ᠡᠭᠦᠨ ᠤ ᠬᠠᠮᠲᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ ᠵᠢᠴᠢ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠯᠠᠬᠤ | ᠣᠷᠣᠨ ᠤ ᠬᠥᠳᠡᠯᠮᠦᠷᠢ ᠬᠦᠴᠦᠨ᠂ ᠬᠤᠲᠠ ᠪᠠᠯᠭᠠᠰᠤ ᠶᠢᠨ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ | ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠬᠤ ᠵᠡᠷᠭᠡ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠰᠢᠮᠳᠠᠭᠤᠯᠤᠨ | ᠪᠠᠶᠢᠴᠠᠭᠠᠯᠲᠠ ᠬᠢᠬᠦ ᠶᠢ ᠲᠦᠷᠭᠡᠳᠬᠡᠨ ᠠᠬᠢᠭᠤᠯᠤᠨ᠎ᠠ᠃ | ︵ᠨᠠᠢᠮᠠ︶ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠰᠠᠶᠢᠲᠤᠷ ᠠᠳᠬᠤᠵᠤ᠂ ᠨᠡᠶᠢᠭᠡᠮ ᠤᠨ | ᠲᠣᠭᠲᠠᠭᠤᠨ ᠢ ᠦᠨᠡᠨᠬᠦ ᠬᠠᠮᠠᠭᠠᠯᠠᠪᠠ᠃ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠯᠢᠶᠡᠳ ᠶᠡᠭᠡ ᠠᠶᠤᠯ ᠲᠦᠭᠰᠢᠭᠦᠷᠢ ᠵᠢᠴᠢ ᠲᠡᠭᠦᠨ ᠠᠴᠠ ᠳᠡᠭᠡᠭᠰᠢᠬᠢ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠶᠢᠭᠠᠯᠢ ᠶᠢᠨ ᠭᠠᠮᠰᠢᠭ᠂ ᠭᠡᠨᠡᠳ᠋ᠲᠡ ᠭᠠᠷᠬᠤ | ᠬᠡᠷᠡᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠭᠤᠤᠯᠳᠠᠯᠭ᠎ᠠ ᠲᠠᠢ ᠬᠥᠮᠦᠰ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠢ ᠢᠯᠭᠠᠷᠠᠭᠤᠯᠤᠨ ᠪᠠᠶᠢᠴᠠᠭᠠᠬᠤ ᠶᠢ | ᠴᠢᠩᠭᠠᠳᠬᠠᠵᠤ᠂ ᠰᠤᠷᠭᠠᠭᠤᠯᠢ ᠶᠢᠨ ᠬᠦᠷᠢᠶ᠎ᠡ᠂ ᠢᠳᠡᠰᠢᠨ ᠲᠣᠰᠣ᠂ ᠡᠮ ᠤᠨ ᠵᠦᠢᠯ ᠢ ᠪᠣᠷᠣᠯᠠᠭᠤᠯᠬᠤ ᠵᠡᠷᠭᠡ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ | ᠰᠠᠶᠢᠲᠤᠷ ᠠᠳᠬᠤᠵᠤ᠂ ᠴᠠᠬᠢᠯᠭᠠᠨ ᠬᠤᠯᠪᠣᠭ᠎ᠠ᠂ ᠨᠠᠰᠤᠵᠢᠯ ᠤᠨ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠡᠭᠦᠳᠬᠦ ᠵᠡᠷᠭᠡ ᠠᠵᠢᠯ ᠢ | ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃ | ᠬᠤᠶᠠᠷ᠂ ᠰᠢᠮᠳᠠᠭᠤᠯᠤᠨ ᠪᠠᠶᠢᠴᠠᠭᠠᠬᠤ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠶᠡᠭᠡ ᠰᠢᠮᠳᠠᠭᠤᠯᠤᠨ | ᠪᠠᠶᠢᠴᠠᠭᠠᠬᠤ ᠠᠵᠢᠯ ᠤᠨ ᠪᠠᠶᠢᠷᠢᠰᠢᠯ ᠢ ᠢᠳᠡᠪᠬᠢᠲᠡᠢ ᠪᠠᠶᠢᠭᠤᠯᠬᠤ ᠬᠡᠷᠡᠭᠲᠡᠢ | ᠳᠡᠭᠡᠳᠦ ᠱᠠᠲᠤ ᠪᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ | ᠴᠣᠬᠤᠯᠠᠪᠤᠷᠢ᠂ ᠪᠠᠶᠢᠴᠠᠭᠠᠨ ᠰᠢᠢᠳᠪᠦᠷᠢᠯᠡᠭᠰᠡᠨ ᠬᠡᠷᠡᠭ ᠤᠨ ᠱᠠᠭᠠᠷᠳᠠᠨ ᠪᠠᠶᠢᠴᠠᠭᠠᠬᠤ ᠶᠢ ᠱᠠᠭᠠᠷᠳᠠᠭᠰᠠᠨ ᠵᠦᠢᠯᠡᠰ ᠢ | ᠬᠦᠴᠦᠯᠡᠨ ᠰᠠᠶᠢᠲᠤᠷ ᠬᠢᠵᠦ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠣᠭᠤᠷᠢᠭ ᠤᠨ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠴᠢᠬᠤᠯᠠ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠱᠠᠭᠠᠷᠳᠠᠨ | ᠰᠢᠢᠳᠪᠦᠷᠢᠯᠡᠬᠦ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠪᠥᠬᠦ ᠠᠵᠢᠯᠲᠠᠨ᠂ ᠪᠥᠬᠦ ᠱᠤᠭᠤᠮ᠂ ᠪᠥᠬᠦ | ᠲᠠᠯ᠎ᠠ ᠪᠠᠷ ᠬᠠᠮᠲᠤᠷᠠᠨ ᠬᠥᠳᠡᠯᠦᠯᠴᠡᠵᠦ ᠶᠡᠭᠡ ᠰᠢᠮᠳᠠᠭᠤᠯᠤᠨ ᠪᠠᠶᠢᠴᠠᠭᠠᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ | ᠣᠷᠣᠨ ᠤ ᠵᠠᠰᠠᠭ ᠤᠨ ᠣᠷᠳᠣᠨ ᠤ ᠠᠯᠪᠠᠨ ᠬᠡᠷ ᠤᠨ ᠰᠢᠮᠳᠠᠭᠤᠯᠤᠨ ᠭᠦᠢᠴᠡᠳᠭᠡᠬᠦ ᠶᠢ ᠰᠢᠮᠳᠠᠭᠤᠯᠤᠨ ᠪᠠᠶᠢᠴᠠᠭᠠᠬᠤ | ᠲᠠᠯ᠎ᠠ ᠪᠠᠷ ᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠷᠣᠨ ᠤ ᠵᠠᠰᠠᠭ ᠤᠨ ᠣᠷᠳᠣᠨ ᠤ | ᠠᠯᠪᠠᠨ ᠬᠡᠷ ᠤᠨ ᠨᠢᠭᠡᠳᠦᠯᠲᠡᠶ ᠲᠥᠯᠥᠪᠯᠡᠨ ᠳᠣᠭᠢᠷᠠᠭᠤᠯᠬᠤ᠂ ᠡᠯ᠎ᠡ ᠳᠡᠳ᠋ ᠡᠷᠬᠢᠯᠡᠭᠴᠢ ᠰᠢᠮᠳᠠᠭᠤᠯᠤᠨ ᠬᠦᠢᠴᠡᠳᠬᠡᠬᠦᠯᠬᠦ᠂ | ᠡᠯ᠎ᠡ ᠰᠠᠯᠠᠭ᠎ᠠ ᠮᠥᠴᠢᠷ ᠪᠥᠬᠦ ᠲᠠᠯ᠎ᠠ ᠪᠠᠷ ᠣᠷᠣᠯᠴᠠᠬᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶ ᠠᠬᠢᠭᠤᠯᠬᠤ ᠶᠡᠭᠡ | ᠰᠢᠮᠳᠠᠭᠤᠯᠤᠨ ᠪᠠᠶᠢᠴᠠᠭᠠᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠬᠤᠶᠠᠷ ᠲᠤ᠂ ᠲᠤᠭᠤᠷᠢᠭ ᠤᠨ | ᠨᠠᠮ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠵᠥᠪᠯᠡᠯᠭᠡᠨ ᠪᠣᠯᠤᠨ | ᠡᠯ᠎ᠡ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠤᠯᠠᠨ | ᠲᠠᠯ᠎ᠠ ᠪᠠᠷ ᠬᠠᠮᠵᠢᠯᠴᠠᠵᠤ᠂ ᠬᠠᠮᠲᠤᠷᠠᠨ ᠬᠠᠮᠲᠤᠷᠠᠯᠴᠠᠵᠤ᠂ ᠱᠠᠯᠠᠪᠳᠠᠭᠤᠯᠤᠨ ᠪᠠᠶᠢᠴᠠᠭᠠᠬᠤ ᠬᠠᠮᠲᠤᠷᠠᠯ ᠤᠨ ᠬᠦᠴᠦᠨ ᠢ | ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠪᠠ᠃ ᠭᠤᠷᠪᠠ ᠳᠤ᠂ ᠲᠥᠷᠥᠯ ᠵᠦᠢᠯ ᠲᠣᠭᠲᠠᠭᠠᠬᠤ᠂ ᠲᠤᠰᠢᠶᠠᠨ | ᠰᠢᠢᠳᠪᠦᠷᠢᠯᠡᠭᠦᠯᠬᠦ᠂ ᠳᠠᠭᠠᠭᠠᠨ ᠭᠦᠢᠴᠡᠳᠭᠡᠬᠦ᠂ ᠱᠠᠭᠠᠷᠳᠠᠨ ᠭᠦᠢᠴᠡᠳᠭᠡᠬᠦ᠂ ᠮᠥᠷᠳᠡᠬᠦ᠂ ᠬᠢᠨᠠᠨ ᠪᠠᠶᠢᠴᠠᠭᠠᠬᠤ᠂ ᠬᠠᠷᠢᠭᠤ | ᠲᠤᠰᠬᠠᠬᠤ᠂ ᠬᠤᠷᠢᠶᠠᠩᠭᠤᠶᠢᠯᠠᠬᠤ ᠵᠡᠷᠭᠡ ᠨᠢᠭᠡ ᠢᠵᠢ ᠪᠦᠷᠢᠨ ᠠᠵᠢᠯ ᠤᠨ ᠴᠤᠪᠤᠷᠠᠯ ᠢ ᠡᠮᠬᠢᠯᠡᠨ ᠲᠡᠭᠦᠯᠳᠡᠷᠵᠢᠭᠦᠯᠵᠦ᠂ | ᠰᠢᠮᠳᠠᠭᠤᠯᠤᠨ ᠪᠠᠶᠢᠴᠠᠭᠠᠬᠤ ᠮᠡᠳᠡᠭᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠷ᠎ᠡ ᠳ᠋ᠦᠩ ᠢ ᠬᠠᠷᠢᠭᠤ ᠲᠤᠰᠬᠠᠬᠤ ᠵᠡᠷᠭᠡ | ᠰᠢᠮᠳᠠᠭᠤᠯᠤᠨ ᠪᠠᠶᠢᠴᠠᠭᠠᠬᠤ ᠠᠵᠢᠯ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ᠃ | ᠭᠤᠷᠪᠠ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠰᠠᠨᠠᠭᠤᠯᠭ᠎ᠠ | ᠰᠠᠨᠠᠯ ᠳᠤᠷᠠᠳᠤᠯᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ | ᠪᠠᠲᠤᠲᠠᠶ ᠠᠬᠢᠭᠤᠯᠬᠤ ᠬᠡᠷᠡᠭᠲᠡᠶ | ᠵᠠᠰᠠᠭ ᠤᠨ ᠣᠷᠳᠣᠨ ᠤ ᠰᠢᠰᠲ᠋ᠧᠮ ᠤᠨ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠬᠡᠬᠦ ᠠᠵᠢᠯ ᠤᠨ ᠰᠢᠮᠳᠠᠭᠤᠯᠤᠨ | ᠭᠦᠢᠴᠡᠳᠬᠡᠯᠭᠡᠬᠦ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ᠂ ᠨᠡᠪᠲᠡᠷᠡᠭᠦᠯᠬᠦ᠂ ᠰᠢᠯᠭᠠᠨ ᠬᠢᠨᠠᠬᠤ᠂ ᠠᠳᠠᠯᠢᠳᠬᠠᠨ | ᠰᠢᠯᠭᠠᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠰᠢᠶ᠋ᠳᠪᠦᠷᠢᠯᠡᠬᠦ ᠦᠷ᠎ᠡ ᠪᠦᠲᠦᠮᠵᠢ ᠪᠠ | ᠰᠢᠶ᠋ᠳᠪᠦᠷᠢᠯᠡᠬᠦ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ ᠨᠢᠭᠡ ᠳᠤ᠂ ᠣᠯᠠᠨ ᠰᠠᠯᠠᠭ᠎ᠠ ᠮᠥᠴᠢᠷ ᠤᠨ ︽ | ᠬᠠᠮᠲᠤᠷᠠᠨ ᠭᠦᠢᠴᠡᠳᠬᠡᠬᠦ︾ ᠲᠣᠭᠲᠠᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠠᠷᠤᠭ᠎ᠠ ᠶᠡᠷᠦᠩᠬᠡᠶᠢᠯᠡᠨ | ᠲᠦᠷᠦᠭᠦᠯᠡᠨ ᠵᠣᠬᠢᠴᠠᠭᠤᠯᠬᠤ᠂ ᠭᠤᠣᠯᠯᠠᠨ ᠡᠷᠬᠢᠯᠡᠬᠦ ᠨᠢᠭᠡᠴᠢ ᠪᠣᠳᠠᠲᠠᠢ ᠬᠠᠷᠢᠭᠤᠴᠠᠬᠤ᠂ ᠬᠠᠪᠰᠤᠷᠤᠨ ᠭᠦᠢᠴᠡᠳᠬᠡᠬᠦ | ᠨᠢᠭᠡᠴᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠰᠠᠨ ᠵᠥᠪᠳᠡᠯᠴᠡᠨ ᠨᠡᠪᠲᠡᠷᠡᠯᠴᠡᠬᠦ᠂ ᠬᠠᠮᠲᠤ ᠪᠠᠷ ᠰᠢᠢᠳᠪᠦᠷᠢᠯᠡᠬᠦ᠂ | ᠲᠥᠯᠥᠭᠡᠯᠡᠭᠴᠢᠳ ᠲᠤ ᠬᠠᠷᠢᠭᠤᠯᠲᠠ ᠥᠭᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠶᠠᠷ ᠲᠤ᠂ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠪᠠ ᠠᠬᠢᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢ ᠴᠢᠬᠤᠯᠠᠴᠢᠯᠠᠵᠤ᠂ | ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠪᠦᠬᠦᠯᠢ | ᠴᠣᠭᠴᠠ ᠶᠢᠨ ᠠᠵᠢᠯ ᠳᠤ ᠣᠷᠣᠭᠤᠯᠵᠤ᠂ ᠲᠤᠬᠠᠶᠢᠯᠠᠭᠰᠠᠨ ᠠᠵᠢᠯ ᠥᠷᠨᠢᠭᠦᠯᠬᠦ ᠲᠠᠢ ᠵᠡᠷᠭᠡ ᠪᠠᠷ ᠪᠠᠶᠢᠷᠢᠯᠠᠭᠤᠯᠵᠤ᠂ | ᠵᠡᠷᠭᠡ ᠪᠠᠷ ᠨᠠᠶᠢᠳᠠᠪᠤᠷᠢᠵᠢᠭᠤᠯᠵᠤ᠂ ᠵᠡᠷᠭᠡ ᠪᠠᠷ ᠪᠠᠶᠢᠴᠠᠭᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ | ᠭᠤᠷᠪᠠ ᠳᠤ ᠲᠥᠯᠥᠭᠡᠯᠡᠭᠴᠢ ᠭᠡᠰᠢᠭᠦᠳ ᠤᠨ ᠵᠦᠶ ᠶᠣᠰᠣᠨ ᠤ ᠰᠠᠨᠠᠭᠤᠯᠭ᠎ᠠ ᠶᠢ ᠢᠳᠡᠪᠬᠢᠲᠡᠶ ᠪᠠᠷ ᠭᠥᠯᠢᠶᠡᠨ ᠠᠪᠴᠤ᠂ | ᠲᠥᠯᠥᠭᠡᠯᠡᠭᠴᠢ ᠭᠡᠰᠢᠭᠦᠳ ᠤᠨ ᠬᠤᠷᠠᠮᠳᠤᠭᠤᠯᠤᠭᠰᠠᠨ ᠦᠨᠳᠦᠰᠦᠨ ᠱᠠᠲᠤᠨ ᠤ ᠲᠤᠷᠰᠢᠯᠭ᠎ᠠ ᠪᠠ ᠣᠯᠠᠨ ᠲᠦᠮᠡᠨ ᠤ ᠣᠶᠤᠨ | ᠤᠬᠠᠭᠠᠨ ᠢ ᠵᠠᠰᠠᠭ ᠤᠨ ᠣᠷᠳᠣᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠵᠠᠰᠠᠭ ᠤᠨ ᠣᠷᠳᠣᠨ ᠤ ᠠᠵᠢᠯ ᠤᠨ | ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ | ᠴᠢᠷᠮᠠᠶᠢᠵᠤ᠂ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠬᠤ᠂ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠳᠠᠭᠠᠨ | ᠭᠦᠢᠴᠡᠳ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠶ᠃ | ᠳᠥᠷᠪᠡ᠂ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠶᠢ ᠤᠶᠠᠯᠳᠤᠭᠤᠯᠬᠤ ᠶᠢ ᠭᠦᠨᠵᠡᠭᠡᠶ ᠰᠦᠪᠡᠭᠴᠢᠯᠡᠵᠦ᠂ | ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠪᠠ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ | ᠬᠡᠷᠡᠭᠲᠡᠶ | ᠰᠢᠮᠳᠠᠭᠤᠯᠤᠨ ᠪᠠᠶᠢᠴᠠᠭᠠᠬᠤ ︽ᠬᠤᠷᠴᠠ ᠰᠡᠯᠡᠮ᠎ᠡ︾ ᠪᠠ ᠰᠢᠯᠭᠠᠨ ᠬᠢᠨᠠᠬᠤ ︽ᠳᠣᠬᠢᠭᠤᠷ︾ ᠤᠨ ᠦᠢᠯᠡᠳᠦᠯ ᠢ | ᠪᠦᠲᠦᠮᠵᠢᠲᠡᠶ ᠪᠠᠳᠠᠷᠠᠭᠤᠯᠵᠤ᠂ ︽ᠰᠢᠮᠳᠠᠭᠤᠯᠤᠨ ᠪᠠᠶᠢᠴᠠᠭᠠᠬᠤ ᠶᠢ ᠨᠢᠭᠡᠳᠬᠡᠬᠦ︾ ᠵᠠᠭᠪᠤᠷ ᠢ ᠭᠦᠨᠵᠡᠭᠡᠶ ᠬᠠᠶᠢᠨ | ᠰᠦᠪᠡᠭᠴᠢᠯᠡᠵᠦ᠂ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠠᠵᠢᠯ ᠤᠨ ᠭᠦᠨᠵᠡᠭᠡᠶ | ᠠᠭᠤᠰᠤᠯᠴᠠᠬᠤ ᠶᠢ ᠠᠬᠢᠭᠤᠯᠤᠨ᠎ᠠ᠃ ᠨᠢᠭᠡ ᠳᠤ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠨ᠎ᠠ᠃ ᠵᠣᠬᠢᠶᠠᠨ ᠪᠠᠶᠢᠭᠤᠯᠬᠤ ᠬᠡᠯᠲᠡᠰ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠯᠦᠭᠡ ᠶᠢᠨ ᠵᠣᠬᠢᠴᠠᠯᠳᠤᠨ ᠬᠥᠳᠡᠯᠦᠯᠴᠡᠬᠦ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠲᠠᠰᠤᠷᠠᠯᠲᠠ ᠥᠬᠡᠶ | ᠴᠢᠩᠭᠠᠳᠬᠠᠵᠤ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠢᠯᠡ ᠮᠡᠳᠡᠭᠳᠡᠬᠦ᠂ ᠣᠨ ᠤ ᠬᠢᠨᠠᠨ | ᠰᠢᠯᠭᠠᠯᠲᠠ᠂ ᠬᠦᠴᠦᠨ ᠴᠢᠳᠠᠪᠤᠷᠢ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠪᠥᠬᠦ | ᠣᠷᠣᠨ ᠤ ᠳᠡᠭᠡᠳᠦ ᠳᠣᠤᠷᠠᠳᠤ ᠱᠠᠲᠤᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠬᠥᠳᠡᠯᠭᠡᠬᠦ ᠬᠦᠴᠦᠨ ᠪᠠ ᠳᠠᠯᠳᠠ | ᠬᠦᠴᠦᠨ ᠢ ᠪᠥᠬᠦ ᠲᠠᠯ᠎ᠠ ᠪᠠᠷ ᠣᠯᠠᠨ ᠲᠠᠯ᠎ᠠ ᠠᠴᠠ ᠬᠥᠭᠵᠢᠭᠡᠨ᠎ᠡ᠃ ᠬᠤᠶᠠᠷ ᠲᠤ᠂ ᠡᠳᠦᠷ ᠲᠤᠲᠤᠮ ᠤᠨ ᠠᠵᠢᠯ ᠤᠨ | ᠰᠢᠯᠭᠠᠨ ᠦᠨᠡᠯᠡᠯᠲᠡ ᠶᠢ ᠴᠢᠩᠭᠠᠳᠬᠠᠨ᠎ᠠ᠃ ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ | ᠶᠠᠪᠤᠳᠠᠯ ᠤᠨ ᠠᠮᠵᠢᠯᠲᠠ ᠪᠦᠲᠦᠮᠵᠢ ᠶᠢ ᠦᠨᠡᠯᠡᠬᠦ ᠠᠷᠭ᠎ᠠ ︵ᠵᠠᠰᠠᠪᠤᠷᠢ ᠣᠷᠣᠭᠤᠯᠤᠭᠰᠠᠨ ᠨᠣᠤᠷᠠᠭ︶︾ ᠶᠣᠰᠣᠭᠠᠷ᠂ ᠡᠯ᠎ᠡ | ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠵᠢᠯ ᠤᠨ ᠪᠡᠶᠡᠯᠡᠭᠦᠯᠦᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠡᠮᠬᠢᠯᠡᠨ ᠬᠤᠷᠢᠶᠠᠩᠭᠤᠶᠢᠯᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠬᠤ ᠶᠢᠨ | ᠬᠠᠮᠲᠤ ᠵᠦᠢᠯ ᠳᠠᠷᠠᠭᠠᠯᠠᠨ ᠵᠢᠯ ᠤᠨ ᠡᠴᠦᠰ ᠤᠨ ᠰᠢᠯᠭᠠᠨ ᠬᠢᠨᠠᠬᠤ ᠠᠵᠢᠯ ᠤᠨ ᠬᠡᠪᠴᠢᠶᠡᠨ ᠳᠤ ᠣᠷᠣᠭᠤᠯᠤᠨ᠎ᠠ᠃ | ᠭᠤᠷᠪᠠ ᠳᠤ᠂ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠠᠵᠢᠯ ᠤᠨ | ᠠᠬᠢᠴᠠ ᠨᠢ ᠤᠳᠠᠭᠠᠨ᠂ ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠶ ᠰᠠᠯᠠᠭ᠎ᠠ ᠮᠥᠴᠢᠷ ᠢ ᠨᠡᠪᠲᠡᠷᠡᠭᠦᠯᠦᠨ ᠰᠢᠭᠦᠮᠵᠢᠯᠡᠵᠦ᠂ | ᠵᠠᠷᠯᠢᠭᠳᠠᠵᠤ ᠪᠠᠶᠢᠭᠠᠳ ᠬᠠᠯᠠᠨ ᠰᠠᠶᠢᠵᠢᠷᠠᠭᠤᠯᠬᠤ ᠬᠡᠷᠡᠭᠲᠡᠶ᠃ | ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2025 ᠣᠨ ᠤ 2 ᠰᠠᠷ᠎ᠠ ᠶᠢᠨ ᠡᠳᠦᠷ ᠢᠶᠠᠷ ᠳᠠᠷᠤᠮᠠᠯᠯᠠᠨ ᠲᠠᠷᠬᠠᠭᠠᠪᠠ | | |