ᠯᠢᠦ ᠪᠦᠦ ᠴᠧᠩ ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/8
      4 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠨᠡᠷ ᠤᠷᠢᠳ ᠬᠤᠵᠢᠳ ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠪᠠᠭ᠎ᠠ ᠰᠤᠷᠭᠠᠭᠤᠯᠢ᠂ ᠳᠥᠷᠪᠡᠳᠦᠭᠡᠷ ᠬᠡᠤᠬᠡᠳ ᠤᠨ ᠴᠡᠴᠡᠷᠯᠢᠭ ᠪᠣᠯᠤᠨ ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠰᠤᠷᠭᠠᠭᠤᠯᠢ ᠶᠢᠨ ᠰᠤᠷᠭᠠᠭᠤᠯᠢ ᠡᠷᠭᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠷᠭᠠᠭᠤᠯᠢ ᠨᠤᠭᠤᠳ ᠰᠤᠷᠭᠠᠨ ᠬᠥᠮᠦᠵᠢᠯ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠠᠭᠤᠷᠢ ᠪᠡᠯᠡᠳᠬᠡᠮᠵᠢ᠂ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ ᠭᠡᠵᠡᠢ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠠᠪᠢᠶᠠᠰ ᠲᠤᠨᠢ ᠲᠤᠬᠢᠷᠠᠭᠤᠯᠤᠨ ᠵᠢᠭᠠᠨ ᠰᠤᠷᠭᠠᠬᠤ ᠶᠢ ᠪᠠᠷᠢᠮᠲᠠᠯᠠᠵᠤ᠂ ᠰᠤᠷᠤᠭᠴᠢᠳ ᠤᠨ ᠰᠤᠷᠤᠯᠴᠠᠬᠤ ᠳᠤᠷ᠎ᠠ ᠰᠣᠨᠢᠷᠬᠠᠯ ᠪᠣᠯᠤᠨ ᠳᠠᠯᠳᠠ ᠴᠢᠳᠠᠪᠤᠷᠢ ᠶᠢ ᠬᠥᠭᠵᠢᠭᠡᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠵᠦ᠂ ᠭᠠᠯ ᠰᠡᠷᠭᠡᠶᠢᠯᠡᠬᠦ᠂ ᠢᠳᠡᠭᠡᠨ ᠤ ᠵᠦᠢᠯ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠮᠤᠷ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号