ᠪᠠᠢ ᠴᠦᠨ ᠯᠸᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/8
      4 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠯᠢᠦ ᠵᠢᠶᠠᠨ ᠫᠢᠩ᠂ ᠶᠠᠩ ᠽᠧ ᠢᠦᠢ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠢᠶᠠᠨ ᠶᠤᠸᠠᠨ ᠠᠯᠠᠰᠢᠨ ᠤ ᠲᠠᠯᠠᠪᠠᠶ᠂ ᠪᠦᠦ ᠶᠤᠸᠠᠨ ᠲᠠᠷᠢᠶᠠᠯᠠᠩ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠷᠦᠩ ᠭᠤᠸᠠᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠵᠢᠴᠢ ᠬᠠᠶᠢᠨᠠᠨ ᠲᠣᠭᠤᠷᠢᠭ  ᠵᠢᠴᠢ ᠤᠳᠠ ᠲᠣᠭᠤᠷᠢᠭ ᠤᠨ ᠬᠤᠲᠠ ᠶᠢᠨ ᠬᠤᠭᠤᠷᠣᠨᠳᠣᠬᠢ ᠲᠦᠷᠭᠡᠨ ᠳᠠᠪᠬᠢᠬᠤ ᠵᠠᠮ᠂ 217 ᠮᠤᠵᠢ ᠶᠢᠨ ᠳᠤᠯᠰᠠᠩ ᠰᠦᠮ᠎ᠡ ᠶᠢᠨ ᠦᠵᠡᠮᠵᠢ ᠶᠢᠨ ᠣᠷᠣᠨ ᠤ ᠵᠠᠮ ᠬᠠᠷᠢᠯᠴᠠᠭᠠᠨ ᠤ ᠳᠠᠯᠳᠠ ᠬᠡᠮ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠭᠡᠬᠦ ᠡᠨᠡᠬᠦ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠢ ᠭᠡᠵᠦ ᠬᠡᠯᠡᠪᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨ ᠬᠦ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠥᠮᠦᠨ ᠢᠶᠠᠷ ᠰᠡᠷᠭᠡᠶᠢᠯᠡᠬᠦ ᠮᠡᠷᠭᠡᠵᠢᠯ ᠤᠨ ᠰᠡᠷᠭᠡᠶᠢᠯᠡᠯᠲᠡ ᠶᠢ ᠴᠢᠩᠭᠠᠳᠬᠠᠵᠤ᠂ ᠠᠵᠢᠯᠳᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ ᠠᠮᠤᠷ ᠲᠦᠪᠰᠢᠨ ᠤ ᠰᠡᠷᠡᠮᠵᠢᠯᠡᠭᠦᠯᠦᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠴᠢᠳᠠᠪᠤᠷᠢ ᠪᠣᠯᠤᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠨᠠᠷᠢᠨ ᠨᠢᠮᠪᠠᠢ ᠥᠷᠨᠢᠭᠦᠯᠵᠦ᠂ ᠡᠯ᠎ᠡ ᠲᠦᠷᠦᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠴᠠᠭ ᠲᠤᠬᠠᠢ ᠳᠤᠨᠢ ᠪᠣᠳᠠᠲᠠᠶᠢᠵᠢᠭᠤᠯᠬᠤ᠂ ᠠᠰᠠᠭᠤᠳᠠᠯ ᠢ ᠲᠦᠢᠯᠪᠤᠷᠢᠲᠠᠢ ᠠᠷᠢᠯᠭᠠᠬᠤ ᠶᠢ ᠪᠠᠲᠤᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号