︽ᠬᠠᠶᠢᠨᠠᠨ ᠲᠣᠭᠤᠷᠢᠭ ᠤᠨ ᠨᠤᠲᠤᠭ ᠪᠡᠯᠴᠢᠭᠡᠷ ᠦᠩᠭᠡᠯᠡᠨ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/4/8
      ︽ᠬᠠᠶᠢᠨᠠᠨ ᠲᠣᠭᠤᠷᠢᠭ ᠤᠨ ᠨᠤᠲᠤᠭ ᠪᠡᠯᠴᠢᠭᠡᠷ ᠦᠩᠭᠡᠯᠡᠨ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                 ᠬᠠᠶᠢᠨᠠᠨ ᠵᠠᠰᠠᠭ ᠠᠯᠪᠠᠨ ᠲᠠᠷᠬᠠᠭᠠᠭᠰᠠᠨ ︹2020︺6 ᠳ᠋ᠤᠭᠠᠷ ᠲᠣᠭᠠᠲᠤ      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠳᠤ᠄      ︽ᠬᠠᠶᠢᠨᠠᠨ ᠲᠣᠭᠤᠷᠢᠭ ᠤᠨ ᠲᠠᠯ᠎ᠠ ᠨᠤᠲᠤᠭ ᠥᠩᠭᠡᠷᠡᠬᠦ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ᠢ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                             2025 ᠣᠨ ᠤ 2 ᠰᠠᠷ᠎ᠠ ᠶᠢᠨ 19 ᠤ ᠡᠳᠦᠷ                            ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶      ᠬᠠᠶᠢᠨᠠᠨ ᠲᠤᠭᠤᠷᠢᠭ ᠤᠨ ᠨᠤᠲᠤᠭ ᠪᠡᠯᠴᠢᠭᠡᠷ ᠬᠡᠳᠤᠷᠬᠡᠢ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠦᠰᠦᠯ      ᠮᠠᠨ ᠤ ᠲᠣᠭᠤᠷᠢᠭ ᠤᠨ ᠨᠤᠲᠤᠭ ᠪᠡᠯᠴᠢᠭᠡᠷ ᠢᠶᠠᠷ ᠦᠩᠭᠡᠯᠡᠨ ᠮᠠᠯᠵᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠲᠥᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠪᠠ ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2022︺ 64 ᠳ᠋ᠦ᠋ᠭᠡᠷ ᠲᠣᠭᠠᠲᠤ︶ ᠢ ᠦᠨᠳᠦᠰᠦᠯᠡᠨ᠂ ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠪᠡᠯᠴᠢᠭᠡᠷ ᠰᠡᠷᠭᠦᠭᠡᠬᠦ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 63 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠪᠥᠲᠥᠭᠡᠨ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠬᠤ᠂ ᠠᠮᠢ ᠠᠬᠤᠶ ᠶᠢ ᠰᠡᠷᠭᠦᠭᠡᠬᠦ ᠪᠠ ᠠᠵᠤ ᠦᠢᠯᠡᠰ ᠢ ᠬᠥᠭᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠢᠮᠠᠭᠲᠠ ᠪᠠᠷᠢᠮᠲᠠᠯᠠᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠰᠡᠯᠭᠦᠨ ᠰᠡᠷᠭᠦᠬᠦ ᠪᠠ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠯᠲᠡ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠨ᠎ᠡ᠃      ︵ᠬᠤᠶᠠᠷ︶ ᠦᠨᠳᠦᠰᠦᠨ ᠵᠠᠷᠴᠢᠮ      1. ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ︽ᠠᠮᠢ ᠠᠬᠤᠢ ᠶᠢ ᠲᠡᠷᠢᠭᠦᠨ ᠳᠤ ᠲᠠᠯᠪᠢᠬᠤ︾ ᠶᠢ ᠢᠮᠠᠭᠲᠠ ᠠᠵᠤ ᠦᠢᠯᠡᠰ ᠤᠨ ᠬᠥᠭᠵᠢᠯᠲᠡ ᠶᠢᠨ ᠳᠤᠮᠳᠠ ᠲᠤᠤᠱᠯᠠᠭᠤᠯᠬᠤ ᠬᠡᠷᠡᠭᠲᠡᠢ᠃      2. ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠲᠠᠢ ᠬᠠᠷᠢᠯᠴᠠᠨ ᠤᠶᠠᠯᠳᠤᠭᠤᠯᠵᠤ᠂ ᠨᠢᠭᠡ ᠬᠡᠰᠡᠭ ᠬᠠᠮᠠᠭᠠᠯᠠᠪᠠᠯ ᠨᠢᠭᠡ ᠬᠡᠰᠡᠭ ᠦᠷ᠎ᠡ ᠪᠦᠲᠦᠮᠵᠢ ᠣᠯᠵᠤ᠂ ᠨᠢᠭᠡ ᠬᠡᠰᠡᠭ ᠰᠡᠷᠭᠦᠭᠡᠯᠲᠡ ᠶᠢ ᠦᠨᠡᠨ ᠬᠦ ᠪᠠᠲᠤᠯᠠᠵᠤ᠂ ᠨᠢᠭᠡ ᠬᠡᠰᠡᠭ ᠠᠮᠵᠢᠯᠲᠠᠲᠠᠶ ᠰᠡᠷᠭᠦᠭᠡᠪᠡ᠃      3. ᠡᠷᠬᠡ ᠬᠠᠷᠢᠭᠤᠴᠠᠯᠭ᠎ᠠ ᠲᠣᠳᠣᠷᠬᠠᠶ᠂ ᠱᠠᠩᠨᠠᠵᠤ ᠲᠣᠷᠭᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠎ᠠ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠬᠤ ᠶᠢ ᠲᠤᠪᠤᠶᠢᠯᠭᠠᠵᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃      ︵ᠭᠤᠷᠪᠠ︶ ᠭᠤᠣᠯ ᠬᠠᠷᠠᠯᠲᠠ      ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠤᠯᠠᠮᠵᠢᠯᠠᠯᠲᠤ ᠦᠵᠡᠯᠲᠡ ᠶᠢ ᠦᠨᠡᠨ ᠬᠦ ᠬᠤᠪᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠡᠮᠵᠢᠵᠦ ᠦᠨᠡᠯᠡᠨ ᠵᠢᠱᠢᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠵᠤ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠣᠶ ᠰᠢᠭᠤᠶ ᠡᠪᠡᠰᠦ ᠴᠢᠭᠢᠭᠯᠢᠭ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠬᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠴᠤ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ 2025 ᠣᠨ ᠤ ᠡᠴᠦᠰ ᠪᠣᠯᠬᠤ ᠳᠤ᠂ ᠬᠠᠷᠢᠶ᠎ᠠ ᠣᠷᠣᠨ ᠤ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠠᠰᠠᠭᠤᠳᠠᠯ ᠢᠯᠡᠳᠲᠡ ᠰᠠᠶᠢᠵᠢᠷᠠᠪᠠ︔ 2030 ᠤᠨ ᠪᠣᠯᠬᠤ ᠳᠤ᠂ ᠬᠠᠷᠢᠶ᠎ᠠ ᠣᠷᠣᠨ ᠤ ᠨᠤᠲᠤᠭ ᠪᠡᠯᠴᠢᠭᠡᠷ ᠤᠨ ᠶᠠᠰᠤ ᠴᠢᠨᠠᠷ ᠲᠣᠭᠲᠠᠭᠤᠨ ᠤ ᠳᠤᠮᠳᠠ ᠳᠡᠭᠡᠭᠰᠢᠯᠡᠪᠡ᠃      ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠲᠡᠭᠦᠯᠳᠡᠷᠵᠢᠭᠦᠯᠦᠨ᠎ᠡ      1. ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠣᠷᠣᠨ ᠢ ᠬᠤᠪᠢᠶᠠᠷᠢᠯᠠᠨ ᠲᠣᠭᠲᠠᠭᠠᠬᠤ ᠬᠡᠷᠡᠭᠲᠡᠶ᠃ ︽ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠬᠠᠶ ᠵᠠᠷᠯᠠᠯ︾ ︵2012 ᠣᠨ ᠤ 6 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠲᠣᠭᠤᠷᠢᠭ ᠬᠠᠷᠢᠶ᠎ᠠ ᠣᠷᠣᠨ ᠤ ᠨᠤᠲᠤᠭ ᠪᠡᠯᠴᠢᠭᠡᠷ ᠲᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠰᠡᠯᠭᠦᠨ ᠮᠠᠯᠵᠢᠬᠤ ᠣᠷᠣᠨ ᠢ ᠵᠠᠭᠠᠭᠯᠠᠨ ᠲᠣᠭᠲᠠᠭᠠᠬᠤ ᠥᠬᠡᠶ ᠪᠠᠶᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠳᠣᠲᠣᠷ᠎ᠠ ᠦᠬᠡᠷ᠂ ᠬᠤᠨᠢ ᠵᠡᠷᠭᠡ ᠡᠪᠡᠰᠦᠨ ᠲᠡᠵᠢᠭᠡᠯᠲᠦ ᠠᠮᠢᠲᠠᠨ ᠲᠠᠯᠪᠢᠬᠤ ᠶᠢ ᠴᠠᠭᠠᠵᠠᠯᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠵᠠᠰᠠᠯᠲᠠ ᠶᠢᠨ ᠣᠷᠣᠨ ᠨᠢ ᠵᠠᠰᠠᠭᠰᠠᠨ ᠤ ᠳᠠᠷᠠᠭᠠᠬᠢ ᠭᠤᠷᠪᠠᠨ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ︶      2. ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠲᠠᠢ ᠮᠠᠯᠴᠢᠨ ᠲᠠᠷᠢᠶᠠᠴᠢᠨ ᠳᠤ ᠪᠣᠯ ᠲᠤᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠳᠤ ᠲᠣᠭᠲᠠᠭᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢᠨ ᠪᠠᠷᠢᠮᠵᠢᠶ᠎ᠠ ᠶᠢ ᠵᠡᠷᠭᠡ ᠪᠠᠷ ᠳᠣᠭᠢᠷᠠᠭᠤᠯᠤᠨ᠎ᠠ︶ ᠶᠣᠰᠣᠭᠠᠷ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠣᠯᠭᠤᠬᠤ ᠡᠬᠡ ᠲᠠᠩᠰᠠ ᠶᠢ ᠪᠠᠶᠢᠭᠤᠯᠤᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠨ᠎ᠠ︔ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠣᠨ ᠤ ᠨᠥᠬᠦᠪᠥᠷᠢ ᠱᠠᠩᠨᠠᠯ ᠤᠨ ᠱᠠᠩᠨᠠᠯ ᠣᠯᠭᠤᠬᠤ ᠠᠵᠢᠯ ᠢ ᠰᠠᠶᠢᠲᠤᠷ ᠬᠢᠵᠦ᠂ ᠨᠥᠬᠦᠪᠥᠷᠢ ᠱᠠᠩᠨᠠᠯ ᠢ ᠴᠠᠭ ᠲᠤᠬᠠᠶ ᠳᠤᠨᠢ ᠣᠨᠣᠪᠴᠢᠲᠠᠶ ᠣᠯᠭᠤᠬᠤ ᠶᠢ ᠪᠠᠲᠤᠯᠠᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠨᠥᠬᠦᠪᠥᠷᠢ ᠱᠠᠩᠨᠠᠯ ᠭᠥᠷᠳᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ 2 ᠤᠳᠠᠭ᠎ᠠ ᠪᠡᠯᠴᠢᠭᠡᠷᠯᠡᠭᠦᠯᠬᠦ ᠪᠤᠶᠤ ᠭᠠᠳᠠᠨ᠎ᠠ ᠠᠴᠠ ᠢᠷᠡᠭᠰᠡᠨ ᠮᠠᠯ ᠢ 2 ᠤᠳᠠᠭ᠎ᠠ ᠦᠯᠡᠳᠡᠭᠡᠨ ᠠᠪᠴᠤ ᠪᠡᠯᠴᠢᠭᠡᠷᠯᠡᠭᠦᠯᠦᠭᠰᠡᠨ ᠪᠠᠶᠢᠪᠠᠯ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠢᠢᠳᠬᠡᠵᠦ᠂ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠪᠠᠶᠢᠳᠠᠯ ᠢ ᠦᠵᠡᠨ ᠲᠤᠬᠠᠶ ᠶᠢᠨ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠶᠢᠨ ᠪᠠᠯᠠ ᠮᠥᠩᠭᠦ ᠶᠢ ᠣᠯᠭᠤᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠵᠥᠪᠬᠡᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠪᠠ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠨᠥᠬᠦᠪᠥᠷᠢ ᠳᠤ ᠬᠡᠷᠡᠭᠯᠡᠵᠦ᠂ ︽ᠳᠦᠷᠢᠮ︾ ᠢ ᠵᠥᠷᠢᠴᠡᠭᠰᠡᠨ ᠠᠴᠠ ᠪᠣᠯᠵᠤ ᠰᠠᠭᠤᠯᠭᠠᠨ ᠥᠭᠬᠦ ᠪᠡᠯᠡ ᠮᠥᠩᠭᠦ ᠳᠤ ᠬᠡᠷᠡᠭᠯᠡᠵᠦ᠂  ᠲᠣᠭᠤᠷᠢᠭ ᠤᠨ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠵᠡᠷᠭᠡ ᠬᠠᠮᠢᠶ᠎ᠠ ᠪᠦᠬᠦᠢ ᠠᠵᠢᠯ ᠳᠤ ᠲᠤᠰᠬᠠᠢ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠪᠠᠯᠭᠠᠰᠤ᠂ ᠵᠡᠭᠡᠯᠢ ᠭᠤᠳᠤᠮᠵᠢ︶      ︵ᠬᠤᠶᠠᠷ︶ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ      3. ᠠᠮᠢ ᠠᠬᠤᠶ ᠶᠢᠨ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠲᠠᠯᠠᠪᠠᠶ᠂ ᠲᠠᠰ᠂ ᠤᠷᠭᠤᠮᠠᠯ ᠤᠨ ᠬᠤᠴᠢᠯᠭ᠎ᠠ ᠶᠢᠨ ᠪᠦᠷᠢᠯᠳᠦᠯ᠂ ᠦᠢᠯᠡᠳᠪᠦᠷᠢᠯᠡᠯ ᠤᠨ ᠴᠢᠳᠠᠪᠤᠷᠢ᠂ ᠠᠮᠢᠳᠤ ᠪᠣᠳᠠᠰ ᠤᠨ ᠭᠠᠮᠰᠢᠭ ᠵᠡᠷᠭᠡ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠥᠳᠡᠯᠦᠩᠭᠦᠶ ᠬᠢᠨᠠᠨ ᠰᠢᠨᠵᠢᠯᠲᠡ ᠶᠢ ᠬᠡᠷᠡᠭᠵᠢᠭᠦᠯᠵᠦ᠂ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠡᠪᠡᠰᠦ ᠪᠡᠯᠴᠢᠭᠡᠷ ᠨᠣᠭᠤᠭᠠᠷᠠᠬᠤ᠂ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ᠂ ᠨᠤᠲᠤᠭ ᠪᠡᠯᠴᠢᠭᠡᠷ ᠤᠨ ᠰᠢᠷᠠᠯᠠᠬᠤ ᠬᠤᠭᠤᠴᠠᠭᠠᠨ ᠳᠠᠬᠢ ᠠᠮᠢ ᠠᠬᠤᠶ ᠶᠢᠨ ᠬᠢᠨᠠᠨ ᠬᠡᠮᠵᠢᠯᠲᠡ ᠶᠢ ᠥᠷᠨᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠥᠷᠨᠢᠭᠦᠯᠬᠦ ᠳᠤ ᠦᠨᠳᠦᠰᠦᠯᠡᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ︶      4. ᠨᠤᠲᠤᠭ ᠪᠡᠯᠴᠢᠭᠡᠷ ᠤᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠪᠠᠶᠢᠳᠠᠯ ᠢ ᠦᠨᠳᠦᠰᠦᠯᠡᠨ᠂ ᠲᠤᠰᠠᠭᠠᠷ ᠪᠤᠶᠤ ᠣᠷᠣᠨ ᠪᠦᠰᠡ ᠶᠢᠨ ᠦᠨᠳᠦᠰᠦᠨ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢ ᠠᠯᠬᠤᠮ ᠠᠯᠬᠤᠮ ᠢᠶᠠᠷ ᠰᠡᠷᠭᠦᠭᠡᠵᠦ᠂ ᠬᠥᠮᠦᠨ ᠪᠦᠷᠢ ᠳᠤ 15 ᠲᠦᠮᠡᠨ ᠮᠥ ᠠᠴᠠ ᠳᠡᠭᠡᠭᠰᠢ ᠥᠬᠡᠶ ᠪᠠᠷᠢᠮᠵᠢᠶ᠎ᠠ ᠪᠠᠷ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠣᠤᠷ ᠪᠠᠶᠢᠭᠤᠯᠵᠤ᠂ ᠨᠤᠲᠤᠭ ᠪᠡᠯᠴᠢᠭᠡᠷ ᠤᠨ ᠲᠣᠤᠷ᠂ ᠠᠮᠢᠳᠤ ᠪᠣᠳᠠᠰ ᠤᠨ ᠭᠠᠮᠰᠢᠭ ᠢ ᠰᠡᠷᠡᠮᠵᠢᠯᠡᠭᠦᠯᠬᠦ ᠪᠠ ᠨᠤᠲᠤᠭ ᠪᠡᠯᠴᠢᠭᠡᠷ ᠢ ᠡᠪᠳᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠤᠷᠵᠢᠭᠤᠯᠤᠭᠰᠠᠨ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠎ᠠ᠃ ᠨᠥᠬᠦᠴᠡᠯ ᠲᠠᠢ ᠪᠠᠯᠭᠠᠰᠤ ︵ᠵᠡᠭᠡᠯᠢ ᠭᠤᠳᠤᠮᠵᠢ︶ ᠶᠢ ᠠᠰᠢᠭᠯᠠᠨ ᠬᠥᠮᠦᠨ ᠦᠭᠡᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠶᠢ ᠵᠣᠷᠢᠭᠵᠢᠭᠤᠯᠵᠤ᠂ ︽ᠬᠥᠮᠦᠨ︾ ᠢ ᠰᠡᠷᠭᠡᠶᠢᠯᠡᠬᠦ ᠪᠠ ︽ᠮᠡᠷᠭᠡᠵᠢᠯ︾ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠤᠭᠰᠠᠨ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠴᠢᠩᠭᠠᠷᠠᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠳᠠᠭᠠᠭᠤᠯᠢ ᠣᠳᠣᠨ ᠤ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠨᠤᠲᠤᠭ ᠪᠡᠯᠴᠢᠭᠡᠷ ᠤᠨ ᠠᠰᠢᠭᠯᠠᠯᠲᠠ ᠶᠢᠨ ᠬᠦᠴᠦᠯᠡᠴᠡ ᠶᠢᠨ ᠤᠷᠢᠳᠴᠢᠯᠠᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠪᠠᠭᠤᠯᠭᠠᠵᠤ᠂ ᠲᠣᠤᠷᠵᠢᠭᠤᠯᠤᠨ ᠬᠠᠷᠢᠭᠤᠴᠠᠯᠭ᠎ᠠ ᠪᠠᠭᠤᠯᠭᠠᠬᠤ᠂ ᠲᠣᠭᠠᠴᠢᠯᠠᠨ ᠬᠢᠨᠠᠨ ᠬᠠᠮᠢᠶᠠᠷᠬᠤ᠂ ᠬᠠᠤᠯᠢ ᠳᠦᠷᠢᠮᠵᠢᠭᠦᠯᠦᠨ ᠵᠢᠷᠤᠮᠵᠢᠭᠤᠯᠤᠭᠰᠠᠨ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠦᠨᠡᠨᠬᠦ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠤᠭᠰᠠᠨ ᠦᠢᠯᠡ ᠠᠵᠢᠯᠯᠠᠭ᠎ᠠ ᠶᠢ ︽ᠲᠦᠷᠢᠮ︾ ᠤᠨ ᠶᠣᠰᠣᠭᠠᠷ ᠰᠢᠳᠬᠡᠨ ᠲᠣᠷᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ︶      5. ᠬᠡᠪᠰᠢᠭᠰᠡᠨ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠤᠨ᠎ᠠ᠃ ᠡᠯ᠎ᠡ ᠪᠠᠯᠭᠠᠰᠤ ︵ᠵᠡᠭᠡᠯᠢ ᠭᠤᠳᠤᠮᠵᠢ︶ ᠬᠡᠪᠰᠢᠭᠰᠡᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠤᠯᠠᠷᠢᠯ ᠢᠶᠠᠷ ᠳᠡᠩᠰᠡᠯᠡᠨ ᠬᠠᠮᠢᠶᠠᠷᠴᠤ ᠪᠥᠬᠦᠶ ᠬᠡᠪᠴᠢᠶᠡᠨ ᠳᠣᠲᠣᠷᠠᠬᠢ ᠲᠡᠵᠢᠭᠡᠨ ᠦᠷᠡᠵᠢᠭᠦᠯᠬᠦ ᠡᠷᠦᠬᠡ ᠶᠢᠨ ᠠᠷᠠᠴᠢᠯᠠᠨ ᠲᠡᠵᠢᠭᠡᠵᠦ ᠪᠠᠶᠢᠭ᠎ᠠ ᠮᠠᠯ ᠤᠨ ᠲᠤᠭ᠎ᠠ ᠬᠡᠮᠵᠢᠶ᠎ᠡ᠂ ᠳᠡᠩᠰᠡᠯᠡᠨ ᠺᠠᠷᠳ᠋ᠯᠠᠵᠤ᠂ ᠬᠥᠳᠡᠯᠦᠩᠭᠦᠶ ᠪᠠᠷ ᠬᠠᠮᠢᠶᠠᠷᠬᠤ ᠬᠡᠷᠡᠭᠲᠡᠶ᠃ ᠡᠭᠦᠨ ᠤ ᠬᠠᠮᠲᠤ᠂ ᠨᠢᠯᠬ᠎ᠠ ᠣᠶ ᠶᠢᠨ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠬᠤᠲᠠ ᠪᠠᠯᠭᠠᠰᠤ ᠶᠢᠨ ᠵᠦᠯᠭᠡ ᠭᠠᠵᠠᠷ ᠵᠡᠷᠭᠡ ᠪᠡᠯᠴᠢᠭᠡᠷᠯᠡᠭᠦᠯᠦᠨ ᠮᠠᠯᠯᠠᠬᠤ ᠶᠢ ᠴᠠᠭᠠᠵᠠᠯᠠᠬᠤ ᠣᠷᠣᠨ ᠪᠦᠰᠡ ᠳᠤ ᠲᠣᠭᠤᠷᠢᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠨᠢ ᠵᠢᠯ ᠪᠦᠷᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠵᠤ᠂ ᠤᠷᠢᠳᠴᠢᠯᠠᠨ ᠮᠡᠳᠡᠭᠳᠡᠬᠦ ᠦᠭᠡᠢ᠂ ᠲᠤᠬᠠᠢ ᠶᠢᠨ ᠭᠠᠵᠠᠷ ᠲᠤ ᠨᠢ ᠭᠡᠷᠡᠴᠢ ᠠᠪᠬᠤ ᠵᠡᠷᠭᠡ ᠬᠡᠯᠪᠡᠷᠢ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠲᠣᠭᠤᠷᠢᠨ ᠪᠠᠶᠢᠴᠠᠭᠠᠭᠰᠠᠨ ᠦᠷ᠎ᠡ ᠳ᠋ᠦᠩ ᠢᠶᠠᠨ ᠬᠠᠷᠢᠶ᠎ᠠ ᠣᠷᠣᠨ ᠵᠦᠭ ᠴᠠᠭ ᠲᠤᠬᠠᠢ ᠳᠤ ᠨᠢ ᠮᠡᠳᠡᠭᠳᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠬᠠᠤᠯᠢ ᠠᠴᠠ ᠵᠥᠷᠢᠴᠡᠨ ᠮᠠᠯ ᠮᠠᠯᠵᠢᠭᠰᠠᠨ ᠬᠡᠷᠡᠭ ᠤᠨ ᠰᠦᠪᠡᠭᠴᠢ ᠶᠢ ᠲᠤᠰᠢᠶᠠᠨ ᠰᠢᠢᠳᠪᠦᠷᠢᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠬᠢᠨᠠᠯᠲᠠ ᠬᠠᠮᠢᠶᠠᠷᠤᠯᠲᠠ ᠬᠢᠭᠰᠡᠨ ᠤ ᠳᠠᠷᠠᠭ᠎ᠠ ᠬᠢᠨᠠᠯᠲᠠ ᠲᠠᠯᠪᠢᠬᠤ ᠲᠡᠰᠢ ᠬᠤᠪᠢᠷᠠᠭᠤᠯᠤᠨ᠂ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠠᠴᠠ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ︶      ︵ᠭᠤᠷᠪᠠ︶ ᠬᠠᠣᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠴᠢᠳᠠᠪᠤᠷᠢ ᠶᠢ ᠴᠢᠩᠭᠠᠳᠬᠠᠨ᠎ᠠ      6. ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠯ᠎ᠡ ᠪᠠᠯᠭᠠᠰᠤ ︵ᠵᠡᠭᠡᠯᠢ ᠭᠤᠳᠤᠮᠵᠢ︶ ᠮᠠᠯ ᠤᠨᠤᠭ᠎ᠠ ᠶᠢᠨ ᠲᠤᠭ᠎ᠠ ᠬᠡᠮᠵᠢᠶ᠎ᠡ ᠶᠡᠭᠡ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠬᠡᠷᠡᠭᠵᠢᠭᠦᠯᠬᠦ ᠦᠭᠡᠢ ᠲᠡᠵᠢᠭᠡᠨ ᠦᠷᠡᠵᠢᠭᠦᠯᠬᠦ ᠡᠷᠦᠬᠡ ᠶᠢ ᠭᠤᠣᠯᠳᠠᠯᠭ᠎ᠠ ᠲᠠᠢ ᠪᠠᠷ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ︽ᠲᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠳᠤ ᠮᠠᠯ ᠮᠠᠯᠵᠢᠵᠤ ᠪᠠᠶᠢᠭ᠎ᠠ ᠪᠠᠶᠢᠳᠠᠯ ᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠳᠤ ᠰᠢᠯᠵᠢᠭᠦᠯᠦᠨ ᠲᠤᠰᠢᠶᠠᠵᠤ ᠵᠣᠭᠤᠰ ᠢᠶᠠᠷ ᠲᠣᠷᠭᠠᠨ᠎ᠠ᠃ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠬᠠᠮᠲᠤ ᠠᠵᠢᠯᠯᠠᠭᠰᠠᠳ ᠲᠤ ᠠᠳᠠᠯᠢ ᠪᠤᠰᠤ ᠰᠢᠢᠳᠬᠡᠯ ᠲᠣᠷᠭᠠᠭᠤᠯᠢ᠂ ᠰᠢᠳᠬᠡᠯ ᠨᠢ ᠡᠷᠬᠡ ᠲᠡᠭᠰᠢ ᠲᠥᠪ ᠭᠤᠤᠯᠴᠢ ᠪᠠᠶᠢᠬᠤ ᠶᠢ ᠠᠯᠳᠠᠭᠰᠠᠨ᠂ ᠬᠡᠲᠦᠷᠡᠲᠡᠯ᠎ᠡ ᠬᠠᠤᠯᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠰᠡᠷᠭᠡᠶᠢᠯᠡᠪᠡ᠃ ᠵᠠᠭᠠᠯᠳᠤᠬᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠵᠠᠬᠢᠳᠠᠯ ᠤᠨ ᠬᠠᠶᠢᠷᠴᠠᠭ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ ᠰᠢᠶ᠋ᠳᠪᠦᠷᠢᠯᠡᠬᠦ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠠᠷᠰᠢᠯᠠᠭᠰᠠᠳ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠮᠡᠳᠡᠭᠦᠯᠦᠨ ᠬᠠᠤᠯᠢ ᠶᠣᠰᠣᠭᠠᠷ ᠰᠢᠶ᠋ᠳᠪᠦᠷᠢᠯᠡᠭᠦᠯᠵᠦ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠮᠵᠢᠯᠴᠠᠬᠤ ᠨᠢᠭᠡᠴᠡ᠄ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶᠃      ︵ᠲᠦᠷᠪᠡ︶ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ      7. ᠮᠠᠯ ᠤᠨᠤᠭ᠎ᠠ ᠶᠢ ᠬᠠᠰᠢᠶᠠᠯᠠᠨ ᠲᠡᠵᠢᠭᠡᠬᠦ ᠶᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠪᠥᠬᠦ ᠵᠢᠯ ᠳᠤ ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ ᠶᠢ ᠤᠬᠠᠮᠰᠠᠷ ᠠᠴᠠ ᠪᠠᠨ ᠬᠤᠷᠢᠭᠯᠠᠵᠤ᠂ ᠲᠡᠵᠢᠭᠡᠨ ᠦᠷᠡᠵᠢᠭᠦᠯᠬᠦ ᠡᠷᠦᠬᠡ ᠶᠢ ᠵᠣᠷᠢᠭᠵᠢᠭᠤᠯᠤᠨ ᠥᠪᠡᠷ ᠢᠶᠠᠨ ᠪᠠᠶᠢᠭᠤᠯᠬᠤ᠂ ᠲᠥᠷᠥᠯ ᠵᠦᠢᠯ ᠢᠶᠠᠷ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠰᠢᠶ᠎ᠠ ᠰᠠᠷᠠᠪᠴᠢ᠂ ᠮᠠᠰᠢᠨ ᠮᠧᠬᠠᠨᠢᠭ ᠵᠡᠷᠭᠡ ᠲᠡᠵᠢᠭᠡᠨ ᠦᠷᠡᠵᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠬᠠᠰᠢᠶᠠᠯᠠᠨ ᠲᠡᠵᠢᠭᠡᠬᠦ ᠱᠠᠭᠠᠷᠳᠠᠯᠭ᠎ᠠ ᠶᠢ ᠬᠠᠩᠭᠠᠨ᠎ᠠ᠃ ᠠᠵᠤ ᠠᠬᠤᠶᠢᠯᠠᠯ᠂ ᠬᠤᠷᠰᠢᠶ᠎ᠠ᠂ ᠲᠠᠷᠢᠶᠠᠯᠠᠬᠤ ᠮᠠᠯᠵᠢᠬᠤ ᠡᠷᠦᠬᠡ ᠶᠢᠨ ᠥᠪᠡᠷ ᠲᠡᠭᠡᠨ ᠪᠡᠯᠡ ᠮᠥᠩᠭᠦ ᠬᠤᠷᠠᠮᠳᠤᠭᠤᠯᠬᠤ ᠶᠢ ᠵᠣᠷᠢᠭᠵᠢᠭᠤᠯᠵᠤ᠂ ᠬᠠᠰᠢᠶᠠᠯᠠᠨ ᠲᠡᠵᠢᠭᠡᠵᠦ ᠬᠤᠷᠣᠭᠠᠯᠠᠨ ᠮᠠᠯᠯᠠᠬᠤ ᠶᠢ ᠢᠳᠡᠪᠬᠢᠲᠡᠶ ᠪᠠᠷ ᠬᠥᠭᠵᠢᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ᠂ ᠬᠠᠶᠢᠨᠠᠨ  ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶      8. ᠲᠠᠷᠢᠮᠠᠯ ᠲᠡᠵᠢᠭᠡᠯ ᠡᠪᠡᠰᠦ ᠦᠢᠯᠡᠳᠪᠦᠷᠢᠯᠡᠬᠦ ᠪᠠ ᠡᠰᠢ ᠰᠦᠷᠡᠯ ᠢ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ ᠴᠢᠩᠭᠠᠳᠬᠠᠨ᠎ᠠ᠃ ᠬᠥᠮᠦᠨ ᠤ ᠬᠦᠴᠦ ᠪᠠᠷ ᠡᠪᠡᠰᠦ ᠪᠣᠷᠳᠤᠭ᠎ᠠ ᠦᠢᠯᠡᠳᠪᠦᠷᠢᠯᠡᠬᠦ ᠪᠠ ᠡᠰᠢ ᠰᠦᠷᠡᠯ ᠢ ᠪᠣᠷᠳᠣᠭᠠᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠡᠩ ᠤᠨ ᠲᠠᠷᠢᠶᠠᠨ ᠭᠠᠵᠠᠷ᠂ ᠲᠠᠷᠢᠶᠠᠯᠠᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠬᠤᠵᠢᠷᠯᠢᠭ ᠲᠠᠯ᠎ᠠ ᠪᠠ ᠡᠯᠡᠰᠦᠷᠬᠡᠭ ᠭᠠᠵᠠᠷ ᠵᠡᠷᠭᠡ ᠭᠠᠵᠠᠷ ᠰᠢᠷᠣᠢ ᠶᠢᠨ ᠡᠬᠢ ᠪᠠᠶᠠᠯᠢᠭ ᠢ ᠰᠠᠶᠢᠲᠤᠷ ᠬᠡᠷᠡᠭᠯᠡᠬᠦ ᠶᠢ ᠵᠣᠷᠢᠭᠵᠢᠭᠤᠯᠵᠤ᠂ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠠᠴᠠ ᠪᠣᠯᠵᠤ ᠤᠬᠤᠷᠢᠨ ᠭᠠᠷᠤᠭᠰᠠᠨ ᠲᠠᠷᠢᠶᠠᠨ ᠭᠠᠵᠠᠷ ᠢ ᠬᠥᠮᠥᠨ ᠤ ᠬᠦᠴᠦ ᠪᠠᠷ ᠡᠪᠡᠰᠦ ᠪᠣᠷᠳᠤᠭ᠎ᠠ ᠲᠠᠷᠢᠬᠤ ᠶᠢ ᠶᠡᠬᠡᠪᠡᠷ ᠬᠥᠭᠵᠢᠭᠦᠯᠦᠨ᠎ᠡ᠃ ᠲᠠᠷᠢᠶᠠᠯᠠᠬᠤ ᠣᠷᠣᠨ ᠤ ᠡᠷᠳᠡᠨᠢ ᠰᠢᠰᠢ᠂ ᠨᠡᠷᠡᠨ ᠬᠤᠸᠠᠷ ᠵᠡᠷᠭᠡ ᠲᠠᠷᠢᠮᠠᠯ ᠢ ᠭᠦᠢᠴᠡᠳ ᠠᠰᠢᠭᠯᠠᠵᠤ ᠬᠤᠷᠢᠶᠠᠭᠰᠠᠨ ᠤ ᠳᠠᠷᠠᠭᠠᠬᠢ ᠡᠰᠢ ᠰᠦᠷᠡᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠠᠷᠢᠶᠠᠯᠠᠬᠤ ᠣᠷᠣᠨ ᠤ ᠡᠪᠡᠰᠦ ᠪᠣᠷᠳᠤᠭ᠎ᠠ ᠪᠠᠷ ᠮᠠᠯ ᠢᠶᠠᠨ ᠬᠠᠰᠢᠶᠠᠯᠠᠨ ᠲᠡᠵᠢᠭᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠠᠵᠢᠯ ᠤᠨ ᠭᠤᠤᠯᠳᠠᠯᠭ᠎ᠠ ᠲᠠᠢ ᠡᠭᠦᠷᠭᠡ᠂ ᠭᠤᠤᠯᠳᠠᠯᠭ᠎ᠠ ᠲᠠᠢ ᠲᠥᠷᠥᠯ ᠵᠦᠢᠯ ᠪᠠ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠵᠢᠷᠤᠭ ᠡᠯᠭᠦᠨ ᠪᠠᠶᠢᠯᠳᠤᠨ᠎ᠠ︔ ᠠᠵᠢᠯ ᠤᠨ ᠵᠠᠷᠤᠳᠠᠯ ᠲᠣᠬᠢᠷᠠᠭᠤᠯᠬᠤ ᠶᠢᠨ ᠬᠠᠮᠲᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠬᠠᠤᠯᠢ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ᠂ ᠤᠬᠠᠭᠤᠯᠭ᠎ᠠ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠨ᠎ᠠ᠃ ᠡᠯ᠎ᠡ ᠪᠠᠯᠭᠠᠰᠤ ᠲᠣᠰ ᠬᠠᠷᠢᠶ᠎ᠠ ᠣᠷᠣᠨ ᠤ ᠪᠠᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠯᠭᠠᠰᠤᠨ ᠤ ᠱᠠᠲᠤᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠬᠠᠶᠢᠨᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠢᠳᠡᠪᠬᠢᠲᠡᠶ ᠪᠠᠷ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ︵ᠬᠤᠶᠠᠷ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ      ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠨᠢ ᠪᠠᠶᠢᠩᠭᠤ ᠶᠢᠨ ᠴᠢᠨᠠᠷᠲᠠᠶ ᠬᠢᠭᠡᠳ ᠭᠡᠨᠡᠳᠲᠡ ᠶᠢᠨ ᠴᠢᠨᠠᠷᠲᠠᠶ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ᠂ ᠤᠬᠠᠭᠤᠯᠬᠤ ᠪᠠ ᠬᠠᠤᠯᠢ ᠬᠡᠷᠡᠭᠵᠢᠭᠦᠯᠬᠦ ᠵᠡᠷᠭᠡ ᠪᠠᠶᠢᠳᠠᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ ᠨᠠᠶᠢᠳᠠᠪᠤᠷᠢᠵᠢᠭᠤᠯᠬᠤ ᠶᠢ ᠣᠶ ᠰᠢᠭᠤᠶ ᠶᠢᠨ ᠳᠠᠷᠤᠭ᠎ᠠ ᠶᠢᠨ ᠲᠦᠷᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠯᠭᠠᠨ ᠬᠢᠨᠠᠬᠤ ᠭᠦᠶ᠋ᠴᠡᠳᠬᠡᠯ ᠲᠤᠭ᠎ᠠ ᠳᠤ ᠣᠷᠣᠭᠤᠯᠵᠤ᠂ ᠰᠢᠮᠳᠠᠭᠤᠯᠤᠨ ᠵᠢᠯᠣᠭᠤᠳᠴᠤ ᠪᠠᠶᠢᠴᠠᠭᠠᠭᠰᠠᠨ ᠪᠠᠶᠢᠳᠠᠯ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠤ ᠬᠢᠨᠠᠯᠲᠠ ᠲᠠᠯᠪᠢᠬᠤ᠂ ᠨᠤᠲᠤᠭ ᠪᠡᠯᠴᠢᠭᠡᠷ ᠤᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ᠂ ᠨᠤᠲᠤᠭ ᠪᠡᠯᠴᠢᠭᠡᠷ ᠤᠨ ᠨᠥᠬᠦᠪᠥᠷᠢ ᠶᠢ ᠱᠠᠩᠨᠠᠵᠤ ᠮᠠᠯᠵᠢᠬᠤ ᠲᠠᠷᠢᠶᠠᠯᠠᠬᠤ ᠡᠷᠦᠬᠡ ᠶᠢ ᠱᠠᠩᠨᠠᠬᠤ ᠡᠬᠡ ᠲᠠᠩᠰᠠ ᠪᠠᠶᠢᠭᠤᠯᠬᠤ᠂ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠭᠦᠢᠴᠡᠳ ᠣᠯᠭᠤᠨ ᠪᠡᠯᠡᠨ ᠨᠣᠷᠮ᠎ᠠ ᠶᠢ ᠰᠢᠯᠭᠠᠨ ᠬᠢᠨᠠᠬᠤ ᠴᠢᠬᠤᠯᠠ ᠦᠨᠳᠦᠰᠦᠯᠡᠯ ᠪᠣᠯᠭᠠᠵᠤ᠂ ᠪᠣᠳᠠᠲᠠᠶ ᠰᠢᠯᠭᠠᠨ ᠬᠢᠨᠠᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠬᠤ ᠭᠦᠶ᠋ᠴᠡᠳᠬᠡᠯ ᠲᠤᠭ᠎ᠠ ᠶᠢ ᠦᠨᠡᠯᠡᠬᠦ ᠠᠷᠭ᠎ᠠ ᠶᠢ ᠦᠨᠳᠦᠰᠦᠯᠡᠨ ᠲᠣᠭᠲᠠᠭᠠᠨ᠎ᠠ᠃ ᠬᠢᠨᠠᠨ ᠰᠢᠯᠭᠠᠬᠤ ᠳᠤᠮᠳᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠨᠢ ᠰᠤᠯᠠ ᠪᠠᠶᠢᠭ᠎ᠠ ᠭᠠᠵᠠᠷ ᠣᠷᠣᠨ ᠪᠣᠯᠤᠨ ᠨᠢᠭᠡᠴᠡ ᠶᠢ ᠣᠷᠣᠨ ᠤ ᠱᠠᠲᠤᠨ ᠤ ᠣᠶ ᠰᠢᠭᠤᠶ ᠶᠢᠨ ᠳᠠᠷᠤᠭ᠎ᠠ ᠪᠤᠶᠤ ᠳᠡᠳ᠋ ᠣᠶ ᠰᠢᠭᠤᠶ ᠶᠢᠨ ᠳᠠᠷᠤᠭ᠎ᠠ ᠠᠴᠠ ᠳᠣᠤᠷ᠎ᠠ ᠨᠢᠭᠡ ᠱᠠᠲᠤᠨ ᠤ ᠣᠶ ᠰᠢᠭᠤᠶ ᠶᠢᠨ ᠳᠠᠷᠤᠭ᠎ᠠ ᠲᠠᠢ ᠪᠣᠯᠵᠣᠨ ᠶᠠᠷᠢᠯᠴᠠᠵᠤ ᠵᠠᠷᠯᠠᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠳᠠᠭᠠᠭᠠᠯᠭᠠᠵᠤ᠂ ᠬᠠᠮᠢᠶ᠎ᠠ ᠪᠥᠬᠦᠶ ᠬᠥᠮᠦᠰ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ᠃      ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ      ᠷᠠᠳᠢᠣ᠋ ᠲᠧᠯᠸᠢᠰ᠂ ᠰᠦᠯᠵᠢᠶ᠎ᠡ ᠵᠡᠷᠭᠡ ᠣᠯᠠᠨ ᠡᠰᠢᠵᠢᠭᠰᠡᠨ ᠰᠣᠨᠢᠨ ᠮᠡᠳᠡᠭᠡᠨ ᠤ ᠪᠣᠳᠠᠰ ᠢᠶᠠᠷ ᠳᠠᠮᠵᠢᠭᠤᠯᠤᠨ᠂ ᠤᠬᠠᠭᠤᠯᠤᠨ ᠲᠠᠶᠢᠯᠪᠤᠷᠢᠯᠠᠬᠤ᠂ ᠪᠣᠯᠪᠠᠰᠤᠷᠠᠭᠤᠯᠬᠤ᠂ ᠰᠢᠷᠢᠰ ᠲᠠᠶᠢᠯᠤᠮᠵᠢ ᠬᠢᠬᠦ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠣᠶᠢᠯᠠᠭᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ ᠮᠠᠯᠴᠢᠨ ᠲᠠᠷᠢᠶᠠᠴᠢᠳ ᠤᠨ ᠣᠷᠣᠯᠴᠠᠬᠤ ᠬᠡᠮᠵᠢᠶ᠎ᠡ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠬᠡᠷᠡᠭᠲᠡᠶ᠃ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠰᠢᠨ᠎ᠡ ᠠᠷᠭ᠎ᠠ ᠬᠡᠮᠵᠢᠶ᠎ᠡ᠂ ᠰᠢᠨ᠎ᠡ ᠨᠡᠶᠢᠲᠡᠯᠢᠭ ᠵᠢᠱᠢᠶ᠎ᠡ᠂ ᠰᠢᠨ᠎ᠡ ᠲᠤᠷᠰᠢᠯᠭ᠎ᠠ᠂ ᠰᠢᠨ᠎ᠡ ᠦᠷ᠎ᠡ ᠪᠦᠲᠦᠮᠵᠢ ᠶᠢ ᠭᠦᠨᠵᠡᠭᠡᠶ ᠠᠭᠤᠳᠠᠯᠵᠤ᠂ ᠪᠦᠬᠦ ᠲᠠᠯ᠎ᠠ ᠪᠠᠷ ᠪᠦᠬᠦ ᠦᠵᠡᠮᠵᠢᠲᠦ ᠬᠡᠯᠪᠡᠷᠢ ᠪᠠᠷ ᠤᠬᠠᠭᠤᠯᠤᠨ ᠮᠡᠳᠡᠭᠡᠯᠡᠵᠦ᠂ ᠪᠦᠬᠦ ᠨᠡᠶᠢᠭᠡᠮ ᠳᠤ ᠨᠤᠲᠤᠭ ᠪᠡᠯᠴᠢᠭᠡᠷ ᠢ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠬᠤ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                           2025 ᠣᠨ ᠤ 2 ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号