︽ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2025 ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/4/8
      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ᠡᠳᠦᠭᠡ ︽ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2025 ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                    2025 ᠣᠨ ᠤ 2 ᠰᠠᠷ᠎ᠠ ᠶᠢᠨ 6 ᠤ ᠡᠳᠦᠷ      ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ 2025 ᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ      2025 ᠣᠨ ᠳᠤ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠱᠠᠯᠠᠪᠳᠠᠭᠤᠯᠤᠨ ᠪᠠᠶᠢᠴᠠᠭᠠᠬᠤ ᠠᠵᠢᠯ ᠳᠤ ︽ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠴᠣᠭᠴᠠᠯᠠᠬᠤ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠪᠣᠯᠣᠨ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ︽ᠵᠢᠷᠤᠮᠵᠢᠭᠤᠯᠬᠤ᠂ ᠴᠤᠮᠬᠠᠳᠬᠠᠬᠤ᠂ ᠲᠦᠷᠭᠡᠳᠬᠡᠬᠦ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠱᠠᠯᠠᠪᠳᠠᠭᠤᠯᠤᠨ ᠪᠠᠶᠢᠴᠠᠭᠠᠬᠤ ᠵᠢᠮ᠎ᠡ ᠶᠣᠰᠣ ᠶᠢ ᠢᠳᠡᠪᠬᠢᠲᠡᠢ ᠰᠦᠪᠡᠭᠴᠢᠯᠡᠵᠦ᠂ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠠᠷᠭ᠎ᠠ ᠶᠢᠨ ᠰᠢᠨ᠎ᠡ ᠶᠢ ᠡᠭᠦᠳᠴᠦ᠂ ᠱᠠᠯᠠᠪᠳᠠᠭᠤᠯᠤᠨ ᠪᠠᠶᠢᠴᠠᠭᠠᠬᠤ ᠶᠢ ᠤᠶᠠᠯᠳᠤᠭᠤᠯᠵᠤ᠂ ᠱᠠᠯᠠᠪᠳᠠᠭᠤᠯᠤᠨ ᠦᠢᠯᠡᠴᠢᠯᠡᠬᠦ ᠶᠢ ᠨᠢᠭᠡ ᠴᠤᠭᠴᠠᠵᠢᠭᠤᠯᠵᠤ᠂ ᠱᠠᠯᠠᠪᠳᠠᠭᠤᠯᠤᠨ ᠦᠢᠯᠡᠴᠢᠯᠡᠬᠦ ᠶᠢ ᠬᠤᠯᠪᠣᠭᠠᠯᠠᠨ ᠬᠥᠳᠡᠯᠦᠯᠴᠡᠵᠦ᠂ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃      ᠨᠢᠭᠡ᠂ ᠰᠢᠮᠳᠠᠭᠤᠯᠤᠨ ᠪᠠᠶᠢᠴᠠᠭᠠᠬᠤ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠠᠵᠢᠯ ᠤᠨ ᠪᠦᠲᠦᠮᠵᠢᠲᠡᠢ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ      ︵ᠨᠢᠭᠡ︶ ᠡᠬᠢ ᠪᠠᠶᠠᠯᠢᠭ ᠤᠨ ᠬᠡᠯᠪᠡᠷᠢ ᠪᠦᠬᠦᠢ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠰᠠᠶᠢᠲᠤᠷ ᠠᠳᠬᠤᠵᠤ᠂ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠬᠢ ᠪᠠᠶᠠᠯᠢᠭ ᠤᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠶᠢ ᠪᠡᠶᠡᠯᠡᠭᠦᠯᠬᠦ ᠵᠡᠷᠭᠡ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠴᠢᠷᠮᠠᠶᠢᠨ ᠪᠠᠲᠤᠯᠠᠨ᠎ᠠ᠃      ︵ᠬᠤᠶᠠᠷ︶ ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠠᠳᠬᠤᠵᠤ᠂ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠬᠤᠯᠠ ᠶᠡᠭᠡ ᠲᠥᠷᠥᠯ ᠵᠦᠢᠯ ᠢ ᠭᠦᠨᠵᠡᠭᠡᠶᠢᠷᠡᠭᠦᠯᠦᠨ᠂ 2025 ᠣᠨ ᠤ ᠴᠢᠬᠤᠯᠠ ᠶᠡᠭᠡ ᠲᠥᠷᠥᠯ ᠵᠦᠢᠯ ᠢ ᠪᠣᠳᠠᠲᠠᠶᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠡᠮᠦᠨᠡᠬᠢ ᠬᠤᠭᠤᠴᠠᠭᠠᠨ ᠤ ᠠᠵᠢᠯ ᠢ ᠠᠳᠬᠤᠬᠤ᠂ ᠪᠠᠲᠤᠯᠠᠭ᠎ᠠ ᠶᠢ ᠴᠢᠩᠭᠠᠳᠬᠠᠬᠤ᠂ ᠠᠵᠢᠯ ᠡᠬᠢᠯᠡᠭᠦᠯᠬᠦ ᠶᠢ ᠠᠬᠢᠭᠤᠯᠬᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠦᠨ᠎ᠡ᠃ ᠡᠭᠦᠨ ᠤ ᠬᠠᠮᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠦᠷᠢᠶᠡᠯᠡᠩ ᠲᠣᠭᠤᠷᠢᠭ ᠤᠨ ︽ᠶᠠᠰᠤ ᠴᠢᠨᠠᠷ ᠢ ᠰᠢᠨ᠎ᠡ ᠪᠠᠷ ᠳᠡᠭᠡᠭᠰᠢᠯᠡᠭᠦᠯᠬᠦ︾ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠬᠤ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠬᠡᠷᠡᠭᠲᠡᠶ᠃      ︵ᠭᠤᠷᠪᠠ︶ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠪᠣᠬᠢᠷᠲᠤᠯ ᠦᠭᠡᠢ ᠦᠨᠳᠦᠰᠦ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ︽ᠬᠤᠶᠠᠷ ᠶᠡᠬᠡᠲᠡᠢ︾ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠶᠢ ᠴᠢᠩᠭ᠎ᠠ ᠬᠢᠵᠠᠭᠠᠷᠯᠠᠵᠤ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠰᠠᠭᠤᠭᠠᠯᠢ ᠠᠷᠠᠳ ᠲᠤ ᠤᠰᠤᠨ ᠤ ᠱᠠᠲᠤᠯᠢᠭ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠠᠶᠠᠭᠳᠠᠮᠠᠯ ᠬᠡᠢ᠂ ᠲᠣᠭᠤᠰᠣ ᠰᠢᠷᠣᠢ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ᠭᠤᠣᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠡᠯ᠎ᠡ ᠲᠥᠷᠥᠯ ᠤᠨ ᠣᠷᠴᠢᠨ ᠲᠣᠭᠤᠷᠢᠨ ᠤ ᠠᠰᠠᠭᠤᠳᠠᠯ ᠢ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠠᠭᠤᠷᠬᠠᠶ ᠶᠢ ᠶᠡᠷᠦᠩᠬᠡᠶᠢᠯᠡᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠵᠡᠷᠭᠡ ᠠᠵᠢᠯ ᠢ ᠠᠬᠢᠭᠤᠯᠤᠭᠰᠠᠨ  ᠪᠠᠶᠢᠳᠠᠯ  ᠳᠤ  ᠰᠢᠮᠳᠠᠭᠤᠯᠤᠨ  ᠪᠠᠶᠢᠴᠠᠭᠠᠯᠲᠠ  ᠥᠷᠨᠢᠭᠦᠯᠬᠦ  ᠶᠢ ᠦᠷᠭᠦᠯᠵᠢᠯᠡᠨ  ᠠᠬᠢᠭᠤᠯᠤᠨ᠎ᠠ᠃      ︵ᠲᠦᠷᠪᠡ︶ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠠᠳᠬᠤᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠬᠡᠦᠷᠰᠢᠭᠦᠯᠬᠦ ᠠᠵᠢᠯ ᠲᠥᠷᠥᠯ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠵᠦ᠂ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠨᠡᠭᠦᠷᠡᠰᠦ ᠤᠬᠢᠶᠠᠵᠤ ᠰᠣᠩᠭᠤᠬᠤ ᠠᠵᠢᠯ ᠲᠥᠷᠥᠯ ᠢ ᠨᠢᠭᠡ ᠴᠣᠭᠴᠠᠵᠢᠭᠤᠯᠤᠨ ᠡᠮᠬᠢᠯᠡᠨ ᠨᠡᠶᠢᠯᠡᠭᠦᠯᠬᠦ ᠶᠢ ᠪᠦᠲᠦᠮᠵᠢᠲᠡᠶ ᠲᠦᠯᠬᠢᠨ ᠠᠬᠢᠭᠤᠯᠤᠨ᠎ᠠ᠃ ᠪᠣᠬᠢᠷᠲᠤᠯ ᠥᠬᠡᠶ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠥᠷᠨᠢᠭᠦᠯᠦᠨ᠎ᠡ᠃ ᠡᠭᠦᠨ ᠤ ᠬᠠᠮᠲᠤ ᠬᠤᠳᠠᠯᠳᠤᠭᠠᠨ ᠤ ᠬᠦᠷᠢᠶᠡᠨ ᠤ ᠡᠵᠡᠩᠨᠡᠯᠲᠡ ᠶᠢᠨ ᠪᠠᠶᠢᠳᠠᠯ ᠤᠨ ᠳᠡᠰ ᠳᠡᠪᠰᠢᠬᠦ ᠶᠢ ᠠᠬᠢᠭᠤᠯᠬᠤ ᠵᠢᠴᠢ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠶᠡᠬᠡᠪᠡᠷ ᠠᠬᠢᠭᠤᠯᠵᠤ᠂ ᠠᠷᠠᠳ ᠲᠤ ᠠᠰᠢᠭ ᠬᠦᠷᠲᠡᠭᠡᠵᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠦᠶ᠋ᠯᠡᠳᠪᠦᠷᠢᠯᠡᠯ ᠦᠶ᠋ᠯᠡᠴᠢᠯᠡᠭᠡᠨ ᠤ ᠬᠡᠯᠪᠡᠷᠢ ᠶᠢᠨ ᠪᠠᠷᠠᠭᠠᠨ ᠤ ᠭᠦᠶ᠋ᠯᠭᠡᠭᠡᠨ ᠤ ᠬᠦᠢᠰᠦ ᠶᠢ ᠪᠣᠶ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠶ᠋ᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠦᠷᠭᠦᠯᠵᠢᠯᠡᠨ ᠪᠤᠶᠢᠵᠢᠭᠤᠯᠬᠤ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃      ︵ᠲᠠᠪᠤ︶ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠴᠢᠳᠠᠮᠵᠢ ᠶᠢ ᠱᠠᠯᠠᠪᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠰᠠᠭᠤᠷᠢ ᠪᠡᠯᠡᠳᠬᠡᠮᠵᠢ ᠶᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠭᠠᠷᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠶ᠃ ᠷᠦ᠋ ᠢ᠂ ᠪᠢᠨ ᠾᠧ ᠵᠡᠷᠭᠡ 4 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠵᠦ᠂ ᠪᠢᠴᠢᠯ ᠰᠢᠨᠡᠴᠢᠯᠡᠯᠲᠡ᠂ ᠪᠢᠴᠢᠯ ᠥᠭᠡᠷᠡᠴᠢᠯᠡᠯᠲᠡ ᠶᠢ ︽ᠳᠤᠲᠠᠭᠤᠳᠠᠯ ᠢ ᠨᠥᠬᠦᠪᠥᠷᠢᠯᠡᠬᠦ︾ ᠢᠨᠵᠧᠨᠧᠷᠢᠩ ᠢ ᠬᠠᠨᠳᠤᠯᠭᠠᠲᠤ ᠴᠢᠨᠠᠷᠲᠠᠶ ᠪᠠᠷ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠲᠠᠷᠢᠶᠠᠯᠠᠬᠤ ᠣᠷᠣᠨ ᠤ ᠠᠮᠢᠳᠤᠷᠠᠯ ᠤᠨ ᠬᠦᠷᠢᠶᠡᠨ ᠤ ᠲᠤᠷᠰᠢᠯᠲᠠ ᠶᠢ ᠰᠦᠪᠡᠭᠴᠢᠯᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠢ ᠦᠷᠭᠦᠯᠵᠢᠯᠡᠨ ᠠᠬᠢᠭᠤᠯᠵᠤ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃      ︵ᠵᠢᠷᠭᠤᠭ᠎ᠠ︶ ᠥᠭᠡᠷᠡᠴᠢᠯᠡᠯᠲᠡ ᠶᠢᠨ ᠡᠭᠦᠷᠭᠡ ᠶᠢᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠬᠥᠭᠵᠢᠭᠡᠨ᠎ᠡ᠃ ᠣᠷᠣᠨ ᠤ ᠲᠠᠰ ᠤᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠬᠥᠮᠦᠨ ᠪᠣᠳᠠᠰ ᠡᠳ᠋ ᠪᠣᠳᠠᠰ ᠢ ᠨᠢᠭᠡ ᠴᠤᠭᠴᠠᠵᠢᠭᠤᠯᠬᠤ ᠥᠭᠡᠷᠡᠴᠢᠯᠡᠯᠲᠡ᠂ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠡᠭᠦᠨ ᠤ ᠬᠠᠮᠲᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠷᠣᠰ ᠮᠣᠩᠭᠤᠯ ᠳᠤ ᠨᠡᠭᠡᠭᠡᠯᠲᠡ ᠬᠢᠬᠦ ᠬᠢᠷᠢ ᠲᠦᠪᠰᠢᠨ ᠢ ᠤᠯᠠᠮ ᠨᠢᠭᠡ ᠠᠯᠬᠤᠮ ᠥᠷᠭᠡᠳᠬᠡᠨ᠎ᠡ᠃ ︽ᠬᠢᠯᠢ ᠶᠢᠨ ᠪᠣᠭᠤᠮᠲᠠ ᠶᠢᠨ ᠳᠣᠲᠣᠷ᠎ᠠ ᠭᠠᠵᠠᠷ︾ ᠤᠨ ᠬᠤᠯᠪᠣᠭᠠᠯᠠᠨ ᠬᠥᠳᠡᠯᠦᠯᠴᠡᠬᠦ ᠶᠢ ᠨᠠᠶᠢᠳᠠᠪᠤᠷᠢᠵᠢᠭᠤᠯᠵᠤ᠂ ᠮᠣᠩᠭᠤᠯ ᠤᠯᠤᠰ ᠢᠶᠠᠷ ᠬᠢᠯᠢ ᠳᠤ ᠣᠷᠣᠭᠤᠯᠬᠤ ᠠᠷᠠᠯᠵᠢᠶᠠᠨ ᠤ ᠲᠣᠭᠲᠠᠴᠠ ᠶᠢ ᠵᠣᠬᠢᠴᠠᠭᠤᠯᠤᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠨᠡᠭᠦᠷᠡᠰᠦ ᠲᠣᠬᠢᠷᠠᠭᠤᠯᠬᠤ ᠲᠥᠪ ᠢ ᠰᠦᠪᠡᠭᠴᠢᠯᠡᠨ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠩ ᠤᠯᠠᠨ ᠬᠦᠷᠢᠶᠡᠨ ᠤ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠥᠷᠭᠡᠳᠬᠡᠨ᠎ᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ᠃      ︵ᠳᠤᠯᠤᠭ᠎ᠠ︶ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠢ ᠰᠠᠶᠢᠲᠤᠷ ᠠᠳᠬᠤᠵᠤ᠂ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠬᠦᠴᠦᠯᠡᠨ ᠳᠡᠭᠡᠭᠰᠢᠯᠡᠭᠦᠯᠦᠨ᠎ᠡ᠃ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠶᠢ ᠴᠢᠨᠠᠷ ᠰᠠᠶᠢᠲᠠᠶ ᠪᠠᠷ ᠰᠠᠶᠢᠲᠤᠷ ᠡᠷᠭᠢᠯᠡᠵᠦ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠰᠢᠨ᠎ᠡ ᠰᠤᠷᠭᠠᠭᠤᠯᠢ ᠶᠢᠨ ᠲᠣᠭᠤᠷᠢᠭ ᠢ ᠡᠬᠢᠯᠡᠨ ᠬᠡᠷᠡᠭᠯᠡᠵᠦ᠂ ᠪᠠᠭᠰᠢ ᠶᠢᠨ ᠬᠦᠴᠦᠨ ᠤ ᠪᠣᠯᠪᠠᠰᠤᠷᠠᠭᠤᠯᠤᠯ ᠢ ᠴᠢᠩᠭᠠᠳᠬᠠᠨ᠂ ᠨᠠᠷᠠᠲᠤ ᠰᠢᠯᠢᠳᠡᠭ ᠭᠤᠤᠯᠯᠠᠭᠴᠢ ᠪᠠᠭᠰᠢ ᠶᠢ ᠱᠠᠩᠨᠠᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠥᠷᠨᠢᠭᠦᠯᠦᠨ᠎ᠡ᠃ ᠡᠭᠦᠨ ᠤ ᠬᠠᠮᠲᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠬᠤ ᠵᠢᠴᠢ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠬᠤᠲᠠ ᠪᠠᠯᠭᠠᠰᠤ ᠶᠢᠨ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠬᠤ ᠵᠡᠷᠭᠡ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠶᠢ ᠲᠦᠷᠭᠡᠳᠬᠡᠨ ᠠᠬᠢᠭᠤᠯᠤᠨ᠎ᠠ᠃      ︵ᠨᠠᠢᠮᠠ︶ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠰᠠᠶᠢᠲᠤᠷ ᠠᠳᠬᠤᠵᠤ᠂ ᠨᠡᠶᠢᠭᠡᠮ ᠤᠨ ᠲᠣᠭᠲᠠᠭᠤᠨ ᠢ ᠦᠨᠡᠨᠬᠦ ᠬᠠᠮᠠᠭᠠᠯᠠᠪᠠ᠃ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠯᠢᠶᠡᠳ ᠶᠡᠭᠡ ᠠᠶᠤᠯ ᠲᠦᠭᠰᠢᠭᠦᠷᠢ ᠵᠢᠴᠢ ᠲᠡᠭᠦᠨ ᠠᠴᠠ ᠳᠡᠭᠡᠭᠰᠢᠬᠢ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠶᠢᠭᠠᠯᠢ ᠶᠢᠨ ᠭᠠᠮᠰᠢᠭ᠂ ᠭᠡᠨᠡᠳ᠋ᠲᠡ ᠭᠠᠷᠬᠤ ᠬᠡᠷᠡᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠤᠤᠯᠳᠠᠯᠭ᠎ᠠ ᠲᠠᠢ ᠬᠥᠮᠦᠰ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠢ ᠢᠯᠭᠠᠷᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶ᠎ᠡ᠂ ᠢᠳᠡᠰᠢᠨ ᠲᠣᠰᠣ᠂ ᠡᠮ ᠤᠨ ᠵᠦᠢᠯ ᠢ ᠪᠣᠷᠣᠯᠠᠭᠤᠯᠬᠤ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠰᠠᠶᠢᠲᠤᠷ ᠠᠳᠬᠤᠵᠤ᠂ ᠴᠠᠬᠢᠯᠭᠠᠨ ᠬᠤᠯᠪᠣᠭ᠎ᠠ᠂ ᠨᠠᠰᠤᠵᠢᠯ ᠤᠨ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠡᠭᠦᠳᠬᠦ ᠵᠡᠷᠭᠡ ᠠᠵᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃      ᠬᠤᠶᠠᠷ᠂ ᠰᠢᠮᠳᠠᠭᠤᠯᠤᠨ ᠪᠠᠶᠢᠴᠠᠭᠠᠬᠤ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠶᠡᠭᠡ ᠰᠢᠮᠳᠠᠭᠤᠯᠤᠨ ᠪᠠᠶᠢᠴᠠᠭᠠᠬᠤ ᠠᠵᠢᠯ ᠤᠨ ᠪᠠᠶᠢᠷᠢᠰᠢᠯ ᠢ ᠢᠳᠡᠪᠬᠢᠲᠡᠢ ᠪᠠᠶᠢᠭᠤᠯᠬᠤ ᠬᠡᠷᠡᠭᠲᠡᠢ      ᠳᠡᠭᠡᠳᠦ ᠱᠠᠲᠤ ᠪᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ᠂ ᠪᠠᠶᠢᠴᠠᠭᠠᠨ ᠰᠢᠢᠳᠪᠦᠷᠢᠯᠡᠭᠰᠡᠨ ᠬᠡᠷᠡᠭ ᠤᠨ ᠱᠠᠭᠠᠷᠳᠠᠨ ᠪᠠᠶᠢᠴᠠᠭᠠᠬᠤ ᠶᠢ ᠱᠠᠭᠠᠷᠳᠠᠭᠰᠠᠨ ᠵᠦᠢᠯᠡᠰ ᠢ ᠬᠦᠴᠦᠯᠡᠨ ᠰᠠᠶᠢᠲᠤᠷ ᠬᠢᠵᠦ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠴᠢᠬᠤᠯᠠ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠱᠠᠭᠠᠷᠳᠠᠨ ᠰᠢᠢᠳᠪᠦᠷᠢᠯᠡᠬᠦ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠪᠥᠬᠦ ᠠᠵᠢᠯᠲᠠᠨ᠂ ᠪᠥᠬᠦ ᠱᠤᠭᠤᠮ᠂ ᠪᠥᠬᠦ ᠲᠠᠯ᠎ᠠ ᠪᠠᠷ ᠬᠠᠮᠲᠤᠷᠠᠨ ᠬᠥᠳᠡᠯᠦᠯᠴᠡᠵᠦ ᠶᠡᠭᠡ ᠰᠢᠮᠳᠠᠭᠤᠯᠤᠨ ᠪᠠᠶᠢᠴᠠᠭᠠᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠣᠷᠣᠨ ᠤ ᠵᠠᠰᠠᠭ ᠤᠨ ᠣᠷᠳᠣᠨ ᠤ ᠠᠯᠪᠠᠨ ᠬᠡᠷ ᠤᠨ ᠰᠢᠮᠳᠠᠭᠤᠯᠤᠨ ᠭᠦᠢᠴᠡᠳᠭᠡᠬᠦ ᠶᠢ ᠰᠢᠮᠳᠠᠭᠤᠯᠤᠨ ᠪᠠᠶᠢᠴᠠᠭᠠᠬᠤ ᠲᠠᠯ᠎ᠠ ᠪᠠᠷ ᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠷᠣᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠢᠭᠡᠳᠦᠯᠲᠡᠶ ᠲᠥᠯᠥᠪᠯᠡᠨ ᠳᠣᠭᠢᠷᠠᠭᠤᠯᠬᠤ᠂ ᠡᠯ᠎ᠡ ᠳᠡᠳ᠋ ᠡᠷᠬᠢᠯᠡᠭᠴᠢ ᠰᠢᠮᠳᠠᠭᠤᠯᠤᠨ ᠬᠦᠢᠴᠡᠳᠬᠡᠬᠦᠯᠬᠦ᠂ ᠡᠯ᠎ᠡ ᠰᠠᠯᠠᠭ᠎ᠠ ᠮᠥᠴᠢᠷ ᠪᠥᠬᠦ ᠲᠠᠯ᠎ᠠ ᠪᠠᠷ ᠣᠷᠣᠯᠴᠠᠬᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶ ᠠᠬᠢᠭᠤᠯᠬᠤ ᠶᠡᠭᠡ ᠰᠢᠮᠳᠠᠭᠤᠯᠤᠨ ᠪᠠᠶᠢᠴᠠᠭᠠᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠬᠤᠶᠠᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠵᠥᠪᠯᠡᠯᠭᠡᠨ ᠪᠣᠯᠤᠨ ᠡᠯ᠎ᠡ ᠰᠠᠯᠠᠭ᠎ᠠ ᠮᠥᠴᠢᠷ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠤᠯᠠᠨ ᠲᠠᠯ᠎ᠠ ᠪᠠᠷ ᠬᠠᠮᠵᠢᠯᠴᠠᠵᠤ᠂ ᠬᠠᠮᠲᠤᠷᠠᠨ ᠬᠠᠮᠲᠤᠷᠠᠯᠴᠠᠵᠤ᠂ ᠱᠠᠯᠠᠪᠳᠠᠭᠤᠯᠤᠨ ᠪᠠᠶᠢᠴᠠᠭᠠᠬᠤ ᠬᠠᠮᠲᠤᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠪᠠ᠃ ᠭᠤᠷᠪᠠ ᠳᠤ᠂ ᠲᠥᠷᠥᠯ ᠵᠦᠢᠯ ᠲᠣᠭᠲᠠᠭᠠᠬᠤ᠂ ᠲᠤᠰᠢᠶᠠᠨ ᠰᠢᠢᠳᠪᠦᠷᠢᠯᠡᠭᠦᠯᠬᠦ᠂ ᠳᠠᠭᠠᠭᠠᠨ ᠭᠦᠢᠴᠡᠳᠭᠡᠬᠦ᠂ ᠱᠠᠭᠠᠷᠳᠠᠨ ᠭᠦᠢᠴᠡᠳᠭᠡᠬᠦ᠂ ᠮᠥᠷᠳᠡᠬᠦ᠂ ᠬᠢᠨᠠᠨ ᠪᠠᠶᠢᠴᠠᠭᠠᠬᠤ᠂ ᠬᠠᠷᠢᠭᠤ ᠲᠤᠰᠬᠠᠬᠤ᠂ ᠬᠤᠷᠢᠶᠠᠩᠭᠤᠶᠢᠯᠠᠬᠤ ᠵᠡᠷᠭᠡ ᠨᠢᠭᠡ ᠢᠵᠢ ᠪᠦᠷᠢᠨ ᠠᠵᠢᠯ ᠤᠨ ᠴᠤᠪᠤᠷᠠᠯ ᠢ ᠡᠮᠬᠢᠯᠡᠨ ᠲᠡᠭᠦᠯᠳᠡᠷᠵᠢᠭᠦᠯᠵᠦ᠂ ᠰᠢᠮᠳᠠᠭᠤᠯᠤᠨ ᠪᠠᠶᠢᠴᠠᠭᠠᠬᠤ ᠮᠡᠳᠡᠭᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠷ᠎ᠡ ᠳ᠋ᠦᠩ ᠢ ᠬᠠᠷᠢᠭᠤ ᠲᠤᠰᠬᠠᠬᠤ ᠵᠡᠷᠭᠡ ᠰᠢᠮᠳᠠᠭᠤᠯᠤᠨ ᠪᠠᠶᠢᠴᠠᠭᠠᠬᠤ ᠠᠵᠢᠯ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ᠃      ᠭᠤᠷᠪᠠ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠦᠨ ᠰᠢᠯᠢᠳᠡᠭᠵᠢᠭᠦᠯᠵᠦ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ      ᠵᠠᠰᠠᠭ ᠤᠨ ᠣᠷᠳᠣᠨ ᠤ ᠰᠢᠰᠲ᠋ᠧᠮ ᠤᠨ ᠰᠠᠨᠠᠭᠤᠯᠭ᠎ᠠ ᠳᠤᠷᠠᠳᠤᠯᠭ᠎ᠠ ᠶᠢ ᠭᠦᠢᠴᠡᠳᠬᠡᠬᠦ ᠠᠵᠢᠯ ᠤᠨ ᠰᠢᠮᠳᠠᠭᠤᠯᠤᠨ ᠭᠦᠢᠴᠡᠳᠬᠡᠯᠭᠡᠬᠦ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ᠂ ᠨᠡᠪᠲᠡᠷᠡᠭᠦᠯᠬᠦ᠂ ᠰᠢᠯᠭᠠᠨ ᠬᠢᠨᠠᠬᠤ᠂ ᠠᠳᠠᠯᠢᠳᠬᠠᠨ ᠰᠢᠯᠭᠠᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠰᠢᠶ᠋ᠳᠪᠦᠷᠢᠯᠡᠬᠦ ᠦᠷ᠎ᠡ ᠪᠦᠲᠦᠮᠵᠢ ᠪᠠ ᠰᠢᠶ᠋ᠳᠪᠦᠷᠢᠯᠡᠬᠦ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ ᠨᠢᠭᠡ ᠳᠤ᠂ ᠣᠯᠠᠨ ᠰᠠᠯᠠᠭ᠎ᠠ ᠮᠥᠴᠢᠷ ᠤᠨ ︽ᠬᠠᠮᠲᠤᠷᠠᠨ ᠭᠦᠢᠴᠡᠳᠬᠡᠬᠦ︾ ᠲᠣᠭᠲᠠᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠠᠷᠤᠭ᠎ᠠ ᠶᠡᠷᠦᠩᠬᠡᠶᠢᠯᠡᠨ ᠲᠦᠷᠦᠭᠦᠯᠡᠨ ᠵᠣᠬᠢᠴᠠᠭᠤᠯᠬᠤ᠂ ᠭᠤᠣᠯᠯᠠᠨ ᠡᠷᠬᠢᠯᠡᠬᠦ ᠨᠢᠭᠡᠴᠢ ᠪᠣᠳᠠᠲᠠᠢ ᠬᠠᠷᠢᠭᠤᠴᠠᠬᠤ᠂ ᠬᠠᠪᠰᠤᠷᠤᠨ ᠭᠦᠢᠴᠡᠳᠬᠡᠬᠦ ᠨᠢᠭᠡᠴᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠰᠠᠨ ᠵᠥᠪᠳᠡᠯᠴᠡᠨ ᠨᠡᠪᠲᠡᠷᠡᠯᠴᠡᠬᠦ᠂ ᠬᠠᠮᠲᠤ ᠪᠠᠷ ᠰᠢᠢᠳᠪᠦᠷᠢᠯᠡᠬᠦ᠂ ᠲᠥᠯᠥᠭᠡᠯᠡᠭᠴᠢᠳ ᠲᠤ ᠬᠠᠷᠢᠭᠤᠯᠲᠠ ᠥᠭᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠶᠠᠷ ᠲᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠ ᠠᠬᠢᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢ ᠴᠢᠬᠤᠯᠠᠴᠢᠯᠠᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠵᠢᠯ ᠳᠤ ᠣᠷᠣᠭᠤᠯᠵᠤ᠂ ᠲᠤᠬᠠᠶᠢᠯᠠᠭᠰᠠᠨ ᠠᠵᠢᠯ ᠥᠷᠨᠢᠭᠦᠯᠬᠦ ᠲᠠᠢ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠵᠤ᠂ ᠵᠡᠷᠭᠡ ᠪᠠᠷ ᠪᠠᠶᠢᠴᠠᠭᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠭᠤᠷᠪᠠ ᠳᠤ ᠲᠥᠯᠥᠭᠡᠯᠡᠭᠴᠢ ᠭᠡᠰᠢᠭᠦᠳ ᠤᠨ ᠵᠦᠶ ᠶᠣᠰᠣᠨ ᠤ ᠰᠠᠨᠠᠭᠤᠯᠭ᠎ᠠ ᠶᠢ ᠢᠳᠡᠪᠬᠢᠲᠡᠶ ᠪᠠᠷ ᠭᠥᠯᠢᠶᠡᠨ ᠠᠪᠴᠤ᠂ ᠲᠥᠯᠥᠭᠡᠯᠡᠭᠴᠢ ᠭᠡᠰᠢᠭᠦᠳ ᠤᠨ ᠬᠤᠷᠠᠮᠳᠤᠭᠤᠯᠤᠭᠰᠠᠨ ᠦᠨᠳᠦᠰᠦᠨ ᠱᠠᠲᠤᠨ ᠤ ᠲᠤᠷᠰᠢᠯᠭ᠎ᠠ ᠪᠠ ᠣᠯᠠᠨ ᠲᠦᠮᠡᠨ ᠤ ᠣᠶᠤᠨ ᠤᠬᠠᠭᠠᠨ ᠢ ᠵᠠᠰᠠᠭ ᠤᠨ ᠣᠷᠳᠣᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠬᠤ᠂ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠳᠠᠭᠠᠨ ᠭᠦᠢᠴᠡᠳ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠶ᠃      ᠳᠥᠷᠪᠡ᠂ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠶᠢ ᠤᠶᠠᠯᠳᠤᠭᠤᠯᠬᠤ ᠶᠢ ᠭᠦᠨᠵᠡᠭᠡᠶ ᠰᠦᠪᠡᠭᠴᠢᠯᠡᠵᠦ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠪᠠ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠶ      ᠰᠢᠮᠳᠠᠭᠤᠯᠤᠨ ᠪᠠᠶᠢᠴᠠᠭᠠᠬᠤ ︽ᠬᠤᠷᠴᠠ ᠰᠡᠯᠡᠮ᠎ᠡ︾ ᠪᠠ ᠰᠢᠯᠭᠠᠨ ᠬᠢᠨᠠᠬᠤ ︽ᠳᠣᠬᠢᠭᠤᠷ︾ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ︽ᠰᠢᠮᠳᠠᠭᠤᠯᠤᠨ ᠪᠠᠶᠢᠴᠠᠭᠠᠬᠤ ᠶᠢ ᠨᠢᠭᠡᠳᠬᠡᠬᠦ︾ ᠵᠠᠭᠪᠤᠷ ᠢ ᠭᠦᠨᠵᠡᠭᠡᠶ ᠬᠠᠶᠢᠨ ᠰᠦᠪᠡᠭᠴᠢᠯᠡᠵᠦ᠂ ᠡᠳᠦᠷ ᠲᠤᠲᠤᠮ ᠤᠨ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠠᠵᠢᠯ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ ᠨᠢᠭᠡ ᠳᠤ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠵᠣᠬᠢᠶᠠᠨ ᠪᠠᠶᠢᠭᠤᠯᠬᠤ ᠬᠡᠯᠲᠡᠰ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠯᠦᠭᠡ ᠶᠢᠨ ᠵᠣᠬᠢᠴᠠᠯᠳᠤᠨ ᠬᠥᠳᠡᠯᠦᠯᠴᠡᠬᠦ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠢᠯᠡ ᠮᠡᠳᠡᠭᠳᠡᠬᠦ᠂ ᠣᠨ ᠤ ᠬᠢᠨᠠᠨ ᠰᠢᠯᠭᠠᠯᠲᠠ᠂ ᠬᠦᠴᠦᠨ ᠴᠢᠳᠠᠪᠤᠷᠢ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠪᠥᠬᠦ ᠣᠷᠣᠨ ᠤ ᠳᠡᠭᠡᠳᠦ ᠳᠣᠤᠷᠠᠳᠤ ᠱᠠᠲᠤᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ ᠬᠥᠳᠡᠯᠭᠡᠬᠦ ᠬᠦᠴᠦᠨ ᠪᠠ ᠳᠠᠯᠳᠠ ᠬᠦᠴᠦᠨ ᠢ ᠪᠥᠬᠦ ᠲᠠᠯ᠎ᠠ ᠪᠠᠷ ᠣᠯᠠᠨ ᠲᠠᠯ᠎ᠠ ᠠᠴᠠ ᠬᠥᠭᠵᠢᠭᠡᠨ᠎ᠡ᠃ ᠬᠤᠶᠠᠷ ᠲᠤ᠂ ᠡᠳᠦᠷ ᠲᠤᠲᠤᠮ ᠤᠨ ᠠᠵᠢᠯ ᠤᠨ ᠰᠢᠯᠭᠠᠨ ᠦᠨᠡᠯᠡᠯᠲᠡ ᠶᠢ ᠴᠢᠩᠭᠠᠳᠬᠠᠨ᠎ᠠ᠃ ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ ᠶᠢ ᠦᠨᠡᠯᠡᠬᠦ ᠠᠷᠭ᠎ᠠ ︵ᠵᠠᠰᠠᠪᠤᠷᠢ ᠣᠷᠣᠭᠤᠯᠤᠭᠰᠠᠨ ᠨᠣᠤᠷᠠᠭ︶︾ ᠶᠣᠰᠣᠭᠠᠷ᠂ ᠡᠯ᠎ᠡ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠵᠢᠯ ᠤᠨ ᠪᠡᠶᠡᠯᠡᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠬᠤᠷᠢᠶᠠᠩᠭᠤᠶᠢᠯᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠬᠤ ᠶᠢᠨ ᠬᠠᠮᠲᠤ ᠵᠦᠢᠯ ᠳᠠᠷᠠᠭᠠᠯᠠᠨ ᠵᠢᠯ ᠤᠨ ᠡᠴᠦᠰ ᠤᠨ ᠰᠢᠯᠭᠠᠨ ᠬᠢᠨᠠᠬᠤ ᠠᠵᠢᠯ ᠤᠨ ᠬᠡᠪᠴᠢᠶᠡᠨ ᠳᠤ ᠣᠷᠣᠭᠤᠯᠤᠨ᠎ᠠ᠃ ᠭᠤᠷᠪᠠ ᠳᠤ᠂ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠠᠵᠢᠯ ᠤᠨ ᠠᠬᠢᠴᠠ ᠨᠢ ᠤᠳᠠᠭᠠᠨ᠂ ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠶ ᠰᠠᠯᠠᠭ᠎ᠠ ᠮᠥᠴᠢᠷ ᠢ ᠨᠡᠪᠲᠡᠷᠡᠭᠦᠯᠦᠨ ᠰᠢᠭᠦᠮᠵᠢᠯᠡᠵᠦ᠂ ᠵᠠᠷᠯᠢᠭᠳᠠᠵᠤ ᠪᠠᠶᠢᠭᠠᠳ ᠬᠠᠯᠠᠨ ᠰᠠᠶᠢᠵᠢᠷᠠᠭᠤᠯᠬᠤ ᠬᠡᠷᠡᠭᠲᠡᠶ᠃              ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                    2025 ᠣᠨ ᠤ 2 ᠰᠠᠷ᠎ᠠ ᠶᠢᠨ ᠡᠳᠦᠷ ᠢᠶᠠᠷ ᠳᠠᠷᠤᠮᠠᠯᠯᠠᠨ ᠲᠠᠷᠬᠠᠭᠠᠪᠠ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号