ᠯᠢᠦ ᠪᠦᠦ ᠴᠧᠩ ᠪᠦᠬᠦ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/9
      4 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠪᠦᠬᠦ ᠲᠤᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠮᠠ ᠺᠠᠢ ᠣᠷᠣᠯᠴᠠᠵᠠᠢ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠦᠬᠠᠶ ᠶᠢᠨ ᠵᠥᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠲᠠᠢ ᠬᠢᠮᠢ ᠶᠢᠨ ᠬᠢᠵᠠᠭᠠᠷᠲᠤ ᠺᠣᠮᠫᠠᠨᠢ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠨ᠂ ᠡᠷᠬᠡᠪᠰᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠮᠤᠷ ᠲᠦᠪᠰᠢᠨ ᠤ ᠲᠠᠯ᠎ᠠ ᠪᠠᠷ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠲᠤᠨᠤᠭ ᠲᠥᠬᠦᠭᠡᠷᠦᠮᠵᠢ ᠶᠢ ᠬᠠᠮᠠᠭᠠᠯᠠᠨ ᠰᠢᠨᠡᠳᠬᠡᠬᠦ ᠶᠢ ᠴᠢᠩᠭᠠᠳᠬᠠᠵᠤ᠂ ᠮᠡᠷᠭᠡᠵᠢᠯ ᠤᠷ᠎ᠠ ᠮᠡᠷᠭᠡᠰᠢᠯ ᠢᠶᠠᠨ ᠢᠳᠡᠪᠬᠢᠲᠡᠢ ᠰᠠᠶᠢᠵᠢᠷᠠᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠦᠢᠯᠡᠳᠪᠦᠷᠢᠯᠡᠯ᠂ ᠬᠠᠳᠠᠭᠠᠯᠠᠯᠲᠠ᠂ ᠲᠡᠭᠡᠭᠡᠪᠦᠷᠢ ᠵᠡᠷᠭᠡ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠤᠰᠬᠠᠢ ᠮᠡᠷᠭᠡᠵᠢᠯᠲᠡᠨ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠵᠢᠯᠲᠠᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠴᠢᠬᠤᠯᠠ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠵᠦ᠂ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号