ᠲᠤᠭᠤᠷᠢᠭ ᠤᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
      4 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠯᠡᠳᠡᠭᠳᠡᠯ ᠠᠰᠠᠭᠤᠳᠠᠯ ᠤᠨ ᠲᠥᠷᠥᠯ ᠵᠦᠢᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ ᠶᠦᠩ ᠱᠧᠩ ᠬᠤᠷᠠᠯ ᠳᠤ ᠣᠷᠣᠯᠴᠠᠪᠠ᠃      ᠬᠤᠷᠠᠯ ᠠᠴᠠ᠂ ᠭᠠᠯ ᠢ ᠰᠡᠷᠭᠡᠶᠢᠯᠡᠬᠦ ᠠᠮᠤᠷ ᠲᠦᠪᠰᠢᠨ ᠪᠣᠯ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠲᠠᠢ ᠬᠤᠯᠪᠣᠭᠳᠠᠬᠤ ᠶᠡᠭᠡ ᠶᠠᠪᠤᠳᠠᠯ ᠪᠣᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠩᠰᠠ ᠲᠤᠰᠢᠶᠠᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠯᠡᠳᠡᠭᠳᠡᠯ ᠠᠰᠠᠭᠤᠳᠠᠯ ᠤᠨ ᠲᠥᠷᠥᠯ ᠵᠦᠢᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠦᠷᠭᠦᠯᠵᠢᠯᠡᠨ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ᠂ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢ ᠴᠢᠩᠭ᠎ᠠ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠤᠨ᠂ ᠠᠰᠠᠭᠤᠳᠠᠯ ᠢ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠨᠠᠷᠢᠯᠢᠭ ᠣᠨᠣᠴᠠᠲᠠᠶ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号