5 ᠰᠠᠷ᠎ᠠ ᠶᠢᠨ 8 ᠤ ᠡᠳᠦᠷ᠂ ᠬᠦᠬᠤᠰᠣ ᠪᠠᠯᠭᠠᠰᠤ 2025 ᠣᠨ ᠤ ᠭᠤᠷᠪᠠᠳᠤᠭᠠᠷ ᠤᠳᠠᠭᠠᠨ ᠤ ᠵᠠᠬᠢᠳᠠᠯ | ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠵᠠᠩ ᡁᠢ ᠯᠸᠢ ᠬᠤᠷᠠᠯ ᠡᠷᠭᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠡᠶᠢᠭᠡᠮ ᠤᠨ | ᠵᠠᠰᠠᠯᠲᠠ ᠶᠢᠨ ᠠᠯᠪᠠᠨ ᠬᠡᠷ᠂ ᠨᠡᠶᠢᠭᠡᠮ ᠲᠣᠭᠤᠷᠢᠭ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠠᠶ᠃ | ᠬᠤᠷᠠᠯ ᠠᠴᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ︽ᠬᠠᠶᠢᠨᠠᠨ ᠲᠣᠭᠤᠷᠢᠭ ᠤᠨ | ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ | ᠤᠯᠠᠮᠵᠢᠯᠠᠨ ᠰᠤᠷᠤᠯᠴᠠᠵᠤ᠂ ᠪᠠᠯᠭᠠᠰᠤᠨ ᠤ ᠲᠠᠰ ᠤᠨ ᠶᠡᠷᠦᠩᠬᠡᠶᠢᠯᠡᠨ ᠵᠠᠰᠠᠬᠤ ᠲᠥᠪ ᠤᠨ ᠤᠳᠤᠷᠢᠳᠤᠯᠭ᠎ᠠ ᠶᠢᠨ | ᠡᠭᠡᠯᠵᠢ ᠰᠠᠭᠤᠵᠤ ᠰᠤᠷᠪᠤᠯᠵᠢᠯᠠᠭ᠎ᠠ ᠶᠢ ᠭᠥᠯᠢᠶᠡᠨ ᠠᠪᠬᠤ ᠵᠢᠴᠢ ︽ᠭᠤᠷᠪᠠᠨ ᠬᠠᠭᠤᠳᠠᠰᠤ ᠬᠤᠶᠠᠷ ᠵᠠᠬᠢᠳᠠᠯ︾ ᠢ | ᠲᠠᠷᠠᠭᠠᠴᠢ ᠶᠢᠨ ᠠᠯᠬᠤᠮ ᠳᠤ ᠬᠡᠷᠡᠭᠯᠡᠬᠦ ᠶᠢ ᠰᠤᠳᠤᠯᠵᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ | ᠬᠢᠪᠠ᠃ | ᠬᠤᠷᠠᠯ ᠠᠴᠠ᠂ ᠨᠢᠭᠡ ᠳᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ᠂ ᠬᠤᠲᠠ᠂ ᠲᠣᠭᠤᠷᠢᠭ ᠤᠨ ᠰᠠᠨᠠᠭᠠᠴᠢᠯᠠᠭ᠎ᠠ ᠠᠴᠠ ᠪᠠᠨ ᠲᠣᠭᠲᠠᠭᠤᠨ ᠪᠠᠶᠢᠳᠠᠯ ᠢ ᠡᠭᠦᠳᠬᠦ | ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ | ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠪᠥᠬᠦ ᠪᠠᠯᠭᠠᠰᠤᠨ ᠤ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠪᠢᠴᠢᠯ ᠵᠠᠰᠠᠯᠲᠠ ᠶᠢ ︽ᠲᠡᠮᠦᠷ | ᠵᠠᠮ ᠤᠨ ᠭᠤᠷᠪᠠᠯᠵᠢᠨ ᠬᠤᠶᠢᠭ︾ ᠲᠠᠢ ᠤᠶᠠᠯᠳᠤᠭᠤᠯᠤᠨ᠂ ᠰᠦᠯᠵᠢᠶᠡᠨ ᠤ ᠠᠵᠢᠯᠲᠠᠨ ᠤ ᠲᠦᠷᠦᠭᠦᠴᠢ ᠶᠢᠨ | ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ | ᠵᠥᠷᠢᠴᠡᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠺᠠᠳ᠋ᠷ ᠢ ᠳᠣᠷᠣᠭᠰᠢ ᠪᠠᠭᠤᠵᠤ ᠰᠤᠷᠪᠤᠯᠵᠢᠯᠠᠬᠤ ᠪᠠ ᠣᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠣᠷᠭᠠᠨᠢᠭ ᠢᠶᠠᠷ | ᠤᠶᠠᠯᠳᠤᠭᠤᠯᠤᠨ᠂ ᠰᠠᠭᠤᠭᠠᠯᠢ ᠠᠷᠠᠳ ᠤᠨ ᠭᠤᠮᠣᠳᠠᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ | ᠰᠢᠯᠤᠭᠤᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ | ᠵᠢᠷᠤᠮᠵᠢᠭᠤᠯᠬᠤ᠂ ᠬᠠᠤᠯᠢᠵᠢᠭᠤᠯᠬᠤ ᠶᠢ ᠲᠦᠯᠬᠢᠨ ᠠᠬᠢᠭᠤᠯᠤᠨ᠎ᠠ᠃ ᠭᠤᠷᠪᠠ ᠳᠤ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠵᠡᠷᠭᠡ | ᠴᠢᠬᠤᠯᠠ ᠵᠠᠩᠭᠢᠯᠠᠭ᠎ᠠ ᠶᠢᠨ ᠴᠡᠭ ᠲᠤ ᠲᠦᠰᠢᠭᠯᠡᠨ᠂ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ | ᠭᠦᠨᠵᠡᠭᠡᠶᠢᠷᠡᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ | ᠲᠠᠶᠢᠯᠪᠤᠷᠢᠯᠠᠨ ᠥᠭᠴᠦ᠂ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠳᠤ | ᠴᠢᠭᠯᠡᠭᠦᠯᠦᠨ᠂ ᠰᠡᠵᠢᠭᠯᠡᠯ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠪᠠᠶᠢᠭᠠᠳ ᠡᠳᠦᠷ ᠲᠤᠲᠤᠮ ᠤᠨ ᠠᠮᠢᠳᠤᠷᠠᠯ ᠤᠨ ᠳᠤᠮᠳᠠ ᠬᠠᠤᠯᠢ ᠴᠠᠭᠠᠵᠠ ᠶᠢᠨ ᠵᠡᠪᠰᠡᠭ ᠢ ᠨᠠᠩ | ᠰᠠᠶᠢᠲᠤᠷ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ ᠭᠡᠵᠡᠢ᠃ |