5 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠤᠢ | ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠ ᠭᠠᠵᠠᠷ | ᠰᠢᠷᠣᠢ ᠶᠢ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ | ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ | ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠸᠠᠩ ᠶᠦᠩ ᠱᠧᠩ ᠣᠷᠣᠯᠴᠠᠪᠠ᠃ | ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠤᠨ ᠯᠤᠤ ᠱᠢ ᠳ᠋ᠠᠨ ᠤ ᠲᠦᠷᠦᠯ ᠵᠦᠢᠯ ᠤᠨ ᠲᠣᠭᠤᠷᠢᠭ ᠤᠨ | ᠶᠤᠸᠠᠨ ᠪᠠᠢ ᠱᠧᠩ ᠬᠢᠮᠢ ᠶᠢᠨ ᠠᠵᠤ ᠦᠢᠯᠡᠳᠪᠦᠷᠢ᠂ ᠦᠬᠠᠢ ᠬᠤᠳᠠ ᠶᠢᠨ ᠸᠠᠨ ᠶᠤᠸᠠᠨ ᠵᠠᠳᠠᠭᠠᠢ ᠨᠡᠭᠦᠷᠡᠰᠦᠨ ᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠸᠠᠨ ᠶᠤᠸᠠᠨ ᠨᠡᠭᠦᠷᠡᠰᠦᠨ ᠠᠭᠤᠷᠬᠠᠢ᠂ ᠱᠧᠨ ᠬᠤᠸᠠ | ᠪᠦᠯᠦᠭᠯᠡᠯ ᠤᠨ ᠬᠠᠶᠢᠷᠤᠪ ᠤᠨ ᠲᠤᠬᠤᠢ ᠶᠢᠨ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠵᠠᠳᠠᠭᠠᠢ ᠨᠡᠭᠦᠷᠡᠰᠦᠨ | ᠠᠭᠤᠷᠬᠠᠢ᠂ ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠤᠨ ᠰᠢ ᠯᠠᠢ ᠹᠧᠩ ᠲᠦᠷᠦᠯ ᠵᠦᠢᠯ ᠤᠨ ᠲᠣᠭᠤᠷᠢᠭ ᠤᠨ | ᠶᠤᠸᠠᠨ ᠬᠤᠤ ᠰᠢᠶᠠᠩ ᠬᠢᠮᠢ ᠶᠢᠨ ᠠᠵᠤ ᠦᠢᠯᠡᠳᠪᠦᠷᠢ ᠵᠡᠷᠭᠡ ᠭᠠᠵᠠᠷ ᠲᠤ᠂ ᠯᠢᠦ ᠪᠦᠦ ᠴᠧᠩ ᠤᠢ ᠰᠢᠭᠤᠢ ᠡᠪᠡᠰᠦ | ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠ ᠭᠠᠵᠠᠷ ᠰᠢᠷᠣᠢ ᠶᠢ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠯᠭᠠᠮ᠎ᠠ ᠴᠢᠨᠠᠷ ᠪᠣᠯᠣᠨ ᠴᠢᠬᠤᠯᠠ ᠴᠢᠨᠠᠷ ᠢ | ᠭᠦᠨᠵᠡᠭᠡᠢ ᠲᠠᠨᠢᠵᠤ᠂ ᠣᠶᠢᠲᠤ ᠭᠠᠵᠠᠷ ᠪᠡᠯᠴᠢᠭᠡᠷ ᠤᠨ ᠰᠢᠨᠵᠢ ᠴᠢᠨᠠᠷ ᠤᠨ ᠤᠯᠠᠭᠠᠨ ᠱᠤᠭᠤᠮ ᠢ ᠪᠠᠲᠤ ᠰᠠᠬᠢᠵᠤ᠂ | ᠭᠤᠣᠯᠳᠠᠯᠭ᠎ᠠ ᠶᠢ ᠴᠢᠩᠭ᠎ᠠ ᠠᠩᠬᠠᠷᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠴᠢᠩᠭ᠎ᠠ ᠰᠢᠳᠬᠡᠵᠦ᠂ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃ ᠭᠠᠵᠠᠷ ᠰᠢᠷᠣᠶ ᠶᠢ ᠵᠥᠪᠰᠢᠶᠡᠷᠡᠭᠡᠳ ᠬᠠᠩᠭᠠᠭᠰᠠᠨ ᠥᠬᠡᠶ᠂ | ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠶᠡᠬᠡᠪᠡᠷ | ᠠᠬᠢᠭᠤᠯᠵᠤ᠂ ᠬᠠᠤᠯᠢ ᠶᠣᠰᠣᠭᠠᠷ ᠰᠢᠢᠳᠪᠦᠷᠢᠯᠡᠨ᠂ ᠰᠢᠨ᠎ᠡ ᠪᠠᠷ ᠨᠡᠮᠡᠭᠳᠡᠬᠦ ᠶᠢ ᠬᠤᠷᠢᠭᠯᠠᠵᠤ᠂ ᠭᠠᠵᠠᠷ ᠰᠢᠷᠣᠶ ᠶᠢᠨ | ᠡᠬᠢ ᠪᠠᠶᠠᠯᠢᠭ ᠢ ᠤᠯᠠᠮ ᠨᠢᠭᠡ ᠠᠯᠬᠤᠮ ᠠᠮᠢᠳᠤᠯᠢᠭ ᠪᠣᠯᠭᠠᠨ᠂ ᠠᠰᠢᠭᠯᠠᠬᠤ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠬᠤ | ᠬᠡᠷᠡᠭᠲᠡᠶ᠃ | ᠨᠠᠮ ᠤᠨ ᠭᠡᠰᠢᠭᠦᠨ ᠤ ᠰᠢᠶᠠᠨ ᠹᠧᠩ ᠯᠢᠨ᠂ ᠯᠢᠦ ᠪᠦᠦ ᠴᠧᠩ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠱᠠᠲᠤᠨ ᠤ ᠤᠢ | ᠰᠢᠭᠤᠢ ᠶᠢᠨ ᠳᠠᠷᠤᠭ᠎ᠠ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠲᠤᠳᠬᠠᠵᠤ᠂ ᠤᠷᠭᠤᠮᠠᠯ ᠢ ᠬᠠᠮᠢᠶᠠᠷᠬᠤ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠲᠠᠯᠠᠵᠤ᠂ ᠮᠣᠳᠣ ᠲᠠᠷᠢᠵᠤ ᠣᠶᠢᠵᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠤᠢ ᠰᠢᠭᠤᠢ ᠶᠢ ᠲᠣᠭᠤᠷᠢᠨ ᠬᠠᠮᠠᠭᠠᠯᠠᠵᠤ᠂ ᠤᠢ ᠰᠢᠭᠤᠢ ᠶᠢᠨ ᠭᠠᠵᠠᠷ ᠤᠨ ᠭᠠᠯ ᠢ | ᠰᠡᠷᠭᠡᠶᠢᠯᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠦᠨᠡᠨᠬᠦ ᠪᠡᠶᠡᠯᠡᠭᠦᠯᠬᠦ ᠬᠡᠷᠡᠭᠲᠡᠢ᠃ |