5 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠥᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ | ᠪᠠᠢ ᠴᠦᠨ ᠯᠸᠢ ᠤᠷᠢᠳ ᠬᠤᠵᠢᠳ ᠭᠤᠸᠠᠩ ᠶᠤᠸᠠᠨ ᠪᠦᠦ ᠴᠧᠩ ᠨᠡᠭᠦᠷᠡᠰᠦᠨ ᠠᠭᠤᠷᠬᠠᠢ᠂ ᠥᠪᠥᠷ | ᠮᠣᠩᠭᠤᠯ ᠤᠨ ᠶᠢᠨ ᠲᠠᠢ ᠠᠷᠠᠯᠵᠢᠶᠠᠨ ᠤ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠦᠬᠤᠸᠠ ᠨᠡᠭᠦᠷᠡᠰᠦ ᠰᠢᠯᠢᠬᠦ | ᠬᠢᠵᠠᠭᠠᠷᠲᠤ ᠺᠣᠮᠫᠠᠨᠢ᠂ ᠷᠦᠩ ᠰᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠰᠠᠨ ᠮᠧᠢ ᠤᠯᠠᠨ ᠤᠯᠤᠰ ᠤᠨ | ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ | ᠠᠵᠢᠯᠯᠠᠭᠠᠨ ᠢ ᠲᠤᠬᠢᠷᠠᠭᠤᠯᠤᠨ ᠵᠠᠳᠠᠯᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ | ᠣᠨᠣᠪᠴᠢᠲᠠᠢ ᠡᠵᠡᠮᠰᠢᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ | ᠬᠦᠴᠢᠷᠳᠡᠯ ᠪᠣᠯᠤᠨ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ | ᠲᠣᠭᠲᠠᠭᠤᠨ ᠢᠶᠠᠷ ᠨᠡᠮᠡᠭᠳᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ | ᠭᠡᠵᠦ ᠬᠡᠯᠡᠪᠡ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠠᠬ᠎ᠠ | ᠳᠡᠯᠭᠡᠭᠦᠷ ᠢ ᠢᠳᠡᠪᠬᠢᠲᠡᠢ ᠨᠡᠭᠡᠭᠡᠵᠦ᠂ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠵᠦ᠂ ᠦᠢᠯᠡᠳᠬᠦᠨ ᠤ | ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ | ᠦᠷ᠎ᠡ ᠠᠰᠢᠭ ᠢ ᠨᠡᠮᠡᠭᠳᠡᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ | ᠲᠣᠭᠲᠠᠭᠠᠯ ᠪᠣᠯᠤᠨ ᠠᠵᠢᠯᠯᠠᠭᠠᠨ ᠤ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ | ᠠᠮᠤᠷ ᠲᠦᠪᠰᠢᠨ ᠤ ᠤᠬᠠᠮᠰᠠᠷ᠂ ᠠᠮᠤᠷ ᠲᠦᠪᠰᠢᠨ ᠤ ᠤᠷ᠎ᠠ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂ | ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ | ᠬᠡᠷᠡᠭᠲᠡᠢ᠃ |