5 ᠰᠠᠷ᠎ᠠ ᠶᠢᠨ 9 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 5 ᠳ᠋ᠤᠭᠠᠷ ᠤᠳᠠᠭ᠎ᠠ ᠶᠢᠨ | ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠵᠠᠩ ᠳ᠋ᠢᠩ ᠸᠧᠢ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠶᠦ᠋ᠨ ᠫᠢᠩ᠂ | ᠵᠧᠦ ᠬᠤᠤ᠂ ᠵᠤᠤ ᠬᠠᠢ ᠪᠢᠨ᠂ ᠪᠠᠶᠠᠷ ᠬᠤᠷᠠᠯ ᠳᠤ ᠣᠷᠣᠯᠴᠠᠪᠠ᠃ | ᠬᠤᠷᠠᠯ ᠠᠴᠠ 4 ᠰᠠᠷ᠎ᠠ ᠶᠢᠨ 25 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ | ᠫᠢᠩ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠥᠲᠥᠭᠡᠨ ᠪᠠᠶᠢᠭᠤᠯᠤᠯᠲᠠ ᠶᠢᠨ ᠳᠤᠮᠳᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ︾ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ | ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ | ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ | ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠬᠦ ᠬᠡᠷᠡᠭᠲᠡᠢ᠃ ᠪᠠᠶᠢᠭᠤᠯᠭ᠎ᠠ ᠶᠢᠨ ᠵᠠᠯᠠᠭᠤ ᠺᠠᠳ᠋ᠷᠴᠤᠳ | ᠬᠤᠰᠢᠭᠤᠷᠠᠯ ᠬᠦᠷᠢᠶ᠎ᠡ ᠪᠠ ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠤ ᠲᠠᠯ᠎ᠠ ᠪᠠᠷ ᠬᠢ ᠰᠢᠨ᠎ᠡ | ᠮᠡᠳᠡᠯᠭᠡ ᠰᠢᠨ᠎ᠡ ᠤᠷ᠎ᠠ ᠴᠢᠳᠠᠪᠤᠷᠢ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠴᠢᠳᠠᠪᠤᠷᠢ ᠪᠠᠨ ᠨᠡᠩ ᠰᠠᠶᠢᠲᠤᠷ | ᠳᠡᠭᠡᠭᠰᠢᠯᠡᠭᠦᠯᠵᠦ᠂ ᠠᠵᠢᠯ ᠢ ᠡᠵᠡᠮᠳᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢᠨ | ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠴᠥᠬᠦᠷᠡᠰᠢ ᠦᠭᠡᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠭᠡᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠦᠨᠡᠨ ᠬᠦ ᠬᠤᠪᠢᠷᠠᠭᠤᠯᠬᠤ ᠬᠡᠷᠡᠭᠲᠡᠢ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠶᠢ | ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠲᠠᠢ ᠤᠶᠠᠯᠳᠤᠭᠤᠯᠵᠤ᠂ | ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ | ᠰᠤᠷᠤᠯᠴᠠᠬᠤ ᠳᠤᠮᠳᠠ ᠮᠡᠳᠡᠬᠦ ᠵᠢᠷᠦᠬᠡᠰᠢᠶᠡᠬᠦ᠂ ᠪᠠᠶᠢᠴᠠᠭᠠᠬᠤ ᠳᠤᠮᠳᠠ ᠵᠥᠷᠢᠶ᠎ᠡ ᠪᠠᠨ ᠡᠷᠢᠬᠦ᠂ ᠥᠭᠡᠷᠡᠴᠢᠯᠡᠬᠦ ᠳᠤᠮᠳᠠ | ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ | ᠬᠡᠷᠡᠭᠲᠡᠢ᠃ |