ᠪᠠᠢ ᠴᠦᠨ ᠯᠸᠢ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/14
      5 ᠳ᠋ᠤᠭᠠᠷ ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠤᠷᠢᠳ ᠬᠤᠵᠢᠳ ᠯᠦᠩ ᠴᠠᠩ ᠤᠨ ᠠᠵᠤ ᠦᠶ᠋ᠯᠡᠳᠪᠦᠷᠢ ᠠᠷᠠᠯᠵᠢᠶᠠᠨ ᠤ ᠨᠡᠭᠦᠷᠡᠰᠦᠨ ᠠᠭᠤᠷᠬᠠᠶ᠂ ᠵᠢᠶᠦ᠋ᠨ ᠵᠧᠩ ᠪᠠᠶᠠᠨ ᠣᠰᠣ ᠨᠡᠭᠦᠷᠡᠰᠦᠨ ᠠᠭᠤᠷᠬᠠᠶ᠂ ᠶᠤᠸᠠᠨ ᠲᠦᠩ ᠴᠠᠩ ᠹᠦ᠋ ᠨᠡᠭᠦᠷᠡᠰᠦᠨ ᠠᠭᠤᠷᠬᠠᠶ᠂ ᠤᠯᠤᠰ ᠤᠨ ᠡᠨᠧᠷᠭᠢ ᠶᠢᠨ ᠵᠠᠳᠠᠭᠠᠶ ᠨᠡᠭᠦᠷᠡᠰᠦᠨ ᠠᠭᠤᠷᠬᠠᠶ ᠶᠢᠨ ᠭᠤᠷᠪᠠᠨ ᠮᠠᠯᠲᠠᠬᠤ ᠣᠷᠣᠨ᠂ ᠸᠠᠨ ᠶᠤᠸᠠᠨ ᠵᠠᠳᠠᠭᠠᠶ ᠨᠡᠭᠦᠷᠡᠰᠦᠨ ᠠᠭᠤᠷᠬᠠᠶ ᠵᠡᠷᠭᠡ ᠭᠠᠵᠠᠷ ᠲᠤ ᠬᠦᠷᠴᠦ᠂ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠵᠠᠰᠠᠵᠤ ᠰᠡᠷᠭᠦᠭᠡᠬᠦ ᠠᠵᠢᠯ ᠤᠨ ᠲᠤᠬᠠᠶ ᠪᠣᠳᠠᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠡᠷᠡ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠴᠢᠬᠤᠯᠠ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠡᠵᠡᠮᠳᠡᠵᠦ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ ᠴᠠᠭ ᠬᠤᠭᠤᠴᠠᠭ᠎ᠠ ᠪᠠ ᠠᠵᠢᠯ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠵᠢᠯ ᠢᠶᠠᠨ ᠤᠯᠠᠮ ᠨᠢᠭᠡ ᠠᠯᠬᠤᠮ ᠨᠠᠷᠢᠨ ᠪᠣᠳᠣᠯᠬᠢᠯᠠᠵᠤ᠂ ᠭᠦᠨᠵᠡᠭᠡᠶ ᠠᠳᠬᠤᠵᠤ᠂ ᠪᠣᠳᠠᠲᠠᠶ ᠪᠠᠷ ᠬᠢᠵᠦ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠵᠠᠰᠠᠨ ᠰᠡᠷᠭᠦᠭᠡᠬᠦ ᠠᠵᠢᠯ ᠢ ᠠᠬᠢᠭᠤᠯᠬᠤ ᠬᠡᠷᠡᠭᠲᠡᠶ᠃ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠵᠠᠰᠠᠨ ᠰᠡᠷᠭᠦᠭᠡᠬᠦ ᠠᠵᠢᠯ ᠤᠨ ᠠᠬᠢᠴᠠ ᠶᠢ ᠦᠷᠭᠦᠯᠵᠢᠯᠡᠨ ᠮᠥᠷᠳᠡᠵᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠵᠦ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号