ᠯᠢᠦ ᠪᠦᠦ ᠴᠧᠩ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠡᠯᠡ ᠣᠷᠣᠭᠤᠯᠤᠯᠲᠠ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/16
      5 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠡᠯᠡ ᠣᠷᠣᠭᠤᠯᠤᠯᠲᠠ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠯᠢᠦ ᠲᠢᠶᠠᠨ ᠴᠢᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠤᠷᠢᠳ ᠬᠤᠵᠢᠳ ᠤᠯᠤᠰ ᠤᠨ ᠡᠨᠧᠷᠭᠢ᠂ ᠾᠧᠢ ᠮᠤ᠋᠂ ᠷᠦᠩ ᠰᠢᠨ᠂ ᠯᠢᠦᠢ ᠪᠠᠩ᠂ ᠬᠤᠩ ᠶᠠᠩ᠂ ᠭᠦᠸᠧ ᠰᠢᠤᠸᠠᠨ᠂ ᠮᠧᠢ ᠪᠠᠩ ᠵᠦᠩ ᠺᠧ᠂ ᠬᠤᠸᠠ ᠾᠧᠩ᠂ ᠭᠤᠸᠠᠩ ᠵᠢᠤᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠥᠷᠭᠡᠳᠬᠡᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠤᠳᠤᠯᠤᠨ ᠰᠢᠢᠳᠪᠦᠷᠢᠯᠡᠪᠡ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠨ ᠠᠵᠤ ᠠᠬᠤᠶᠢᠯᠠᠯ ᠤᠨ ︽ᠲᠥᠷᠬᠦᠮ ᠤᠨ ᠬᠥᠮᠥᠨ︾ ᠪᠤᠯᠵᠤ᠂ ᠵᠠᠰᠠᠭ ᠠᠵᠤ ᠠᠬᠤᠶᠢᠯᠠᠯ ᠤᠨ ᠤᠯᠤᠯᠴᠠᠭ᠎ᠠ ᠵᠣᠯᠭᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠪᠦᠬᠦ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠷ ᠠᠵᠤ ᠠᠬᠤᠶᠢᠯᠠᠯ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ ᠦᠢᠯᠡᠳᠬᠦᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠨᠡᠮᠡᠭᠳᠡᠯ ᠤᠨ ᠴᠡᠭ ᠢ ᠭᠦᠨᠵᠡᠭᠡᠢ ᠠᠭᠤᠳᠠᠯᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠤᠨ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠦᠬᠦ  ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠤᠳᠤ ᠶᠢᠨ ᠪᠠᠶᠢᠭ᠎ᠠ ᠲᠤᠨᠤᠭ ᠲᠥᠬᠦᠭᠡᠷᠦᠮᠵᠢ᠂ ᠭᠠᠷ ᠤᠷᠠᠯᠠᠯ ᠤᠨ ᠮᠡᠷᠭᠡᠵᠢᠯ ᠢ ᠲᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠤ᠂ ᠬᠠᠶᠢᠨᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号