5 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ | ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠭᠰᠠᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ | ᠲᠣᠭᠤᠷᠢᠭ ᠤᠨ ᠤᠳᠤᠷᠢᠳᠤᠯᠭ᠎ᠠ ᠯᠢ ᠰᠢᠶᠤᠤ ᠴᠢᠩ᠂ ᠮᠠ ᠺᠠᠢ᠂ ᠵᠤᠤ ᠬᠠᠢ ᠪᠢᠨ᠂ ᠶᠢᠨ ᡁᠢ ᠶᠦᠩ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠦᠬᠠᠶ ᠬᠤᠲᠠ ᠶᠢᠨ ᠰᠢᠨ᠎ᠡ ᠡᠨᠧᠷᠭᠢ ᠶᠢᠨ | ᠪᠦᠯᠦᠭᠯᠡᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠪᠠᠶᠠᠨᠲᠣᠬᠤᠶ ᠪᠠᠷᠣᠭᠰᠢᠨ | ᠤᠰᠤᠵᠢᠭᠤᠯᠣᠨ ᠯᠦᠩ ᠴᠠᠩ ᠨᠡᠭᠦᠷᠡᠰᠦᠨ ᠠᠭᠤᠷᠬᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ | ᠬᠤᠲᠠ ᠶᠢᠨ ᠢᠦᠶ ᠯᠦᠩ ᠯᠢ ᠱᠧᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ | ᠬᠠᠶ ᠷᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ ᠶᠢᠨ | ᠠᠮᠢ ᠠᠬᠤᠶ ᠶᠢ ᠰᠡᠷᠭᠦᠭᠡᠨ ᠵᠠᠰᠠᠭᠰᠠᠨ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠲᠡᠷᠡ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠨᠡᠩ ᠴᠤ | ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠤᠷᠢᠳᠴᠢᠯᠠᠨ ᠵᠢᠯᠣᠭᠤᠳᠴᠤ᠂ ᠨᠠᠩ ᠥᠨᠳᠥᠷ ᠪᠠᠷᠢᠮᠵᠢᠶ᠎ᠠ᠂ ᠨᠠᠩ ᠶᠡᠭᠡ | ᠡᠷᠴᠢᠮ ᠢᠶᠠᠷ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠳᠥᠯᠭᠢᠨ ᠠᠬᠢᠭᠤᠯᠵᠤ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠦᠨᠡᠨ ᠬᠦ ᠰᠠᠶᠢᠲᠤᠷ ᠵᠠᠮᠨᠠᠬᠤ | ᠬᠡᠷᠡᠭᠲᠡᠶ᠃ ᠠᠭᠤᠷᠬᠠᠶ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠣᠳᠠᠲᠠᠶᠢᠵᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠠᠰᠠᠨ ᠰᠡᠷᠭᠦᠭᠡᠬᠦ | ᠲᠥᠰᠦᠯ ᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠪᠠᠷᠢᠮᠵᠢᠶ᠎ᠠ ᠲᠠᠢ ᠴᠢᠩᠭ᠎ᠠ | ᠬᠠᠷᠢᠴᠠᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ | ᠪᠠᠶᠢᠯᠳᠤᠵᠤ᠂ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ | ᠵᠠᠰᠠᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠥᠨᠳᠥᠷ ᠪᠦᠲᠦᠮᠵᠢᠲᠡᠢ | ᠵᠣᠬᠢᠴᠠᠭᠤᠯᠤᠨ ᠰᠢᠢᠳᠪᠦᠷᠢᠯᠡᠵᠦ᠂ ᠠᠭᠤᠷᠬᠠᠢ ᠶᠢᠨ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ |