ᠪᠠᠢ ᠴᠦᠨ ᠯᠸᠢ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/16
      5 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠴᠦᠨ ᠯᠸᠢ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠲᠣᠭᠤᠷᠢᠭ ᠤᠨ ᠤᠳᠤᠷᠢᠳᠤᠯᠭ᠎ᠠ ᠸᠠᠩ ᠵᠢᠶᠦ᠋ᠨ ᠫᠢᠩ᠂ ᠸᠠᠩ ᠶᠦᠩ ᠱᠧᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠢ ᠴᠦᠨ ᠯᠸᠢ ᠤᠷᠢᠳ ᠬᠤᠵᠢᠳ ᠢ ᠬᠤᠸᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠠᠷᠠᠭᠤᠨ ᠣᠷᠠᠨᠳᠦ᠋ᠰᠢ ᠬᠠᠳᠠᠨ ᠤᠰᠤᠨ ᠤ ᠴᠣᠬᠤᠢ ᠶᠢᠨ ᠴᠢᠯᠠᠭᠤᠯᠢᠭ ᠤᠨ ᠠᠭᠤᠷᠬᠠᠢ᠂ ᠬᠦᠵᠦᠭᠦᠪᠴᠢᠨ ᠰᠢᠯᠢ ᠠᠭᠤᠷᠬᠠᠢ ᠶᠢᠨ ᠣᠷᠣᠨ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠴᠣᠬᠤᠢ ᠴᠢᠯᠠᠭᠤᠨ ᠤ ᠠᠭᠤᠷᠬᠠᠢ ᠶᠢᠨ ᠣᠷᠣᠨ ᠵᠡᠷᠭᠡ ᠭᠠᠵᠠᠷ ᠲᠤ ᠬᠦᠷᠴᠦ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠵᠠᠰᠠᠨ ᠰᠡᠷᠭᠦᠭᠡᠬᠦ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠪᠤᠳᠤᠯ ᠢᠶᠠᠷ ᠠᠮᠢ ᠠᠬᠤᠢ ᠶᠢ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠬᠡᠯᠡᠪᠡ᠃ ᠪᠠᠷᠢᠯᠭ᠎ᠠ ᠶᠢᠨ ᠬᠤᠭᠤᠴᠠᠭᠠᠨ ᠤ ᠬᠦᠰᠦᠨᠦᠭᠲᠦ ᠪᠠ ᠡᠭᠦᠷᠭᠡ ᠶᠢᠨ ᠪᠢᠴᠢᠭ ᠢ ᠴᠢᠩᠭ᠎ᠠ ᠠᠩᠬᠠᠷᠴᠤ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠠᠬᠢᠴᠠ ᠶᠢ ᠠᠳᠬᠤᠵᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠵᠠᠰᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠵᠠᠰᠠᠯᠲᠠ ᠶᠢᠨ ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠪᠠᠨ ᠦᠷᠭᠦᠯᠵᠢᠯᠡᠨ ᠨᠥᠬᠦᠪᠥᠷᠢᠯᠡᠵᠦ᠂ ᠵᠠᠰᠠᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠠᠰᠠᠭᠤᠳᠠᠯ ᠲᠠᠬᠢᠨ ᠢᠯᠡᠷᠡᠬᠦ ᠦᠭᠡᠢ᠂ ᠪᠤᠴᠠᠵᠤ ᠢᠷᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号