2025 ᠣᠨ ᠤ 5 ᠰᠠᠷ᠎ᠠ ᠶᠢᠨ 14 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/5/16
      ᠪᠠᠢ ᠴᠦᠨ ᠯᠸᠢ᠄  ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ ︵ᠡᠯ᠎ᠡ ᠵᠦᠢᠯ ᠤᠨ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠤᠨ᠎ᠠ︶᠃      ᠱᠢ ᠯᠢ ᠴᠢᠶᠠᠩ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠡᠭᠦᠷᠡᠰᠦᠨ ᠤ ᠠᠵᠢᠯ ᠲᠥᠷᠥᠯ ᠤᠨ ᠭᠠᠶᠢᠯᠢ ᠲᠠᠲᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠲᠦᠷᠢᠮ︾ ᠤᠨ ᠲᠤᠬᠠᠶ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ᠰᠢᠤ ᠹᠠᠩ᠄  ᠫᠠᠨ ᠯᠦᠩ ᠪᠤᠴᠠᠭᠠᠨ ᠬᠤᠷᠢᠶᠠᠬᠤ ᠥᠷᠲᠡᠭᠡ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠠᠬᠢᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃      ᠯᠢᠦ ᠵᠢᠶᠠᠨ ᠫᠢᠩ᠄  2025 ᠣᠨ ᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠪᠥᠬᠦ ᠠᠵᠢᠯ ᠤᠨ ᠬᠤᠷᠠᠯ ᠳᠤ ᠣᠷᠣᠯᠴᠠᠪᠠ᠃      ᠯᠢᠦ ᠲᠢᠶᠠᠨ ᠴᠢᠩ᠄  ᠯᠢᠦ ᠱᠦᠵᠢ ᠲᠠᠢ ᠬᠠᠮᠲᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠠᠶᠢᠨᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠴᠢᠳ ᠤᠨ ᠶᠡᠷᠦᠩᠬᠡᠶ ᠡᠪᠯᠡᠯ︶ ᠶᠢᠨ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠭᠦᠢᠴᠡᠳᠬᠡᠬᠦ ᠺᠣᠮᠢᠰ ᠤᠨ ᠬᠤᠷᠠᠯ ᠳᠤ ᠣᠷᠣᠯᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃      ᠸᠠᠩ ᠶᠦᠩ ᠱᠧᠩ᠄ ᠪᠠᠢ ᠲᠣᠭᠤᠷᠢᠭ ᠤᠨ ᠳᠠᠷᠤᠭ᠎ᠠ ᠳᠤ ᠪᠠᠷ᠎ᠠ ᠪᠤᠯᠵᠤ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠯᠢᠦ ᠱᠦᠵᠢ ᠳᠤ ᠪᠠᠷ᠎ᠠ ᠪᠤᠯᠵᠤ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠵᠠᠩ ᠨᠢᠩ᠄  ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠳᠤ ᠣᠷᠣᠯᠴᠠᠵᠤ᠂ ᠠᠵᠤ ᠠᠬᠤᠶᠢᠯᠠᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃      ᠶᠠᠩ ᠽᠧ ᠢᠦᠢ᠄ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠳᠤ ᠪᠠᠷ᠎ᠠ ᠪᠤᠯᠵᠤ ︽ᠬᠠᠳᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠤᠰᠤᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ︾ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ᠂ ᠵᠠᠬᠢᠳᠠᠯ ᠰᠤᠷᠪᠤᠯᠵᠢᠯᠠᠭ᠎ᠠ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号