5 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠠᠵᠤ ᠠᠬᠤᠶ ᠶᠢᠨ ᠠᠵᠢᠯᠯᠠᠭᠠᠨ ᠪᠠ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠯᠢᠦ | ᠲᠢᠶᠠᠨ ᠴᠢᠩ᠂ ᠸᠠᠩ ᠶᠦᠩ ᠱᠧᠩ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠢ ᠴᠦᠨ ᠯᠸᠢ ᠤᠷᠢᠳ ᠬᠤᠵᠢᠳ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠧᠩ ᠴᠧᠩ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠠᠷᠢᠯᠭ᠎ᠠ ᠶᠢᠨ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠦᠩ ᠴᠤᠸᠠᠩ ᠯᠢᠶᠠᠨ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠢ | ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠠᠵᠤ | ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ | ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠪᠠ | ᠰᠣᠯᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠢᠯᠡᠳᠪᠦᠷᠢᠯᠡᠯ ᠡᠵᠡᠩᠨᠡᠯᠲᠡ ᠪᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ | ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠡᠩ ᠶᠡᠭᠡ ᠬᠥᠭᠵᠢᠯᠲᠡ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠶᠠᠰᠤ ᠴᠢᠨᠠᠷ ᠪᠣᠯᠤᠨ ᠦᠷ᠎ᠡ | ᠠᠰᠢᠭ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠢᠯᠡᠳᠬᠦᠨ ᠤ ᠨᠡᠮᠡᠯᠲᠡ ᠦᠷᠳᠡᠭ ᠢ ᠦᠷᠭᠦᠯᠵᠢᠯᠡᠨ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠬᠠᠶᠢᠨᠠᠨ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠠᠶᠤᠯᠭᠦᠢ | ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠠᠮᠤᠷ | ᠲᠦᠪᠰᠢᠨ ᠤ ᠬᠤᠷᠢᠭ᠎ᠠ ᠱᠤᠭᠤᠮ᠂ ᠠᠮᠢ ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃ | ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ ᠢ ᠪᠠᠶᠢᠴᠠᠭᠠᠨ | ᠰᠤᠳᠤᠯᠬᠤ ᠳᠠᠭᠠᠨ᠂ ᠪᠠᠢ ᠴᠦᠨ ᠯᠸᠢ ᠵᠠᠮ ᠲᠤᠵᠢ ᠲᠣᠭᠤᠷᠢᠨ ᠦᠵᠡᠵᠦ᠂ ᠵᠠᠰᠠᠯᠲᠠ ᠶᠢᠨ ᠠᠬᠢᠴᠠ ᠶᠢᠨ ᠪᠠᠶᠢᠳᠠᠯ ᠢ | ᠨᠠᠷᠢᠨ ᠣᠶᠢᠯᠠᠭᠠᠵᠤ᠂ ᠲᠡᠷᠡ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ | ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠭᠤᠷᠬᠠᠢ ᠶᠢᠨ ᠣᠷᠣᠨ ᠤ ᠠᠮᠢ ᠠᠬᠤᠢ ᠶᠢ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠡᠷᠭᠦᠭᠡᠵᠦ᠂ ᠵᠠᠰᠠᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ | ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠵᠠᠰᠠᠯᠲᠠ ᠶᠢᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠴᠢᠨᠠᠷ | ᠰᠠᠶᠢᠲᠠᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ |