5 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ | ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠣᠯᠤᠨ ᠠᠵᠤ ᠠᠬᠤᠢ ᠶᠢᠨ ᠠᠵᠢᠯ ᠤᠨ | ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠦᠷᠦᠯ ᠵᠦᠢᠯ ᠢ ᠲᠥᠯᠥᠪᠵᠢᠭᠦᠯᠦᠨ | ᠨᠥᠭᠡᠴᠡᠯᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ ᠠᠵᠤ ᠠᠬᠤᠢ ᠶᠢᠨ ᠲᠣᠭᠲᠠᠭᠤᠨ ᠰᠠᠶᠢᠵᠢᠷᠠᠯᠲᠠ ᠶᠢ | ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ | ᠪᠦᠰᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ AI︾ | ᠵᠡᠷᠭᠡ ᠵᠠᠭᠪᠤᠷ ᠢ ᠭᠦᠨᠵᠡᠭᠡᠢ ᠰᠦᠪᠡᠭᠴᠢᠯᠡᠵᠦ᠂ ᠳ᠋ᠠᠶᠢᠲ᠋ᠠ ᠶᠢᠨ ᠦᠢᠯᠡᠴᠢᠯᠡᠭᠡ᠂ ᠵᠣᠬᠢᠶᠠᠮᠠᠯ ᠤᠶᠤᠨ ᠤ ᠴᠢᠳᠠᠪᠤᠷᠢ ᠶᠢᠨ | ᠲᠤᠮᠤ ᠵᠠᠭᠪᠤᠷ ᠤᠨ ᠪᠣᠯᠪᠠᠰᠤᠷᠠᠯ ᠤᠨ ᠵᠦᠢᠴᠢᠯᠠᠯ ᠵᠡᠷᠭᠡ ᠭᠤᠣᠯ ᠬᠦᠷᠢᠶ᠎ᠡ ᠶᠢᠨ ᠲᠣᠭᠤᠷᠢᠨ ᠳᠤ ᠤᠨᠢᠨ ᠳᠡᠭᠡᠷ᠎ᠡ ᠨᠢ | ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠬᠠᠨᠳᠤᠯᠭᠠᠲᠤ ᠴᠢᠨᠠᠷᠲᠠᠢ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ᠂ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ᠂ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠢ ᠭᠦᠨᠵᠡᠭᠡᠢ | ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠤ ᠪᠦᠳᠦᠭᠡᠨ | ᠪᠠᠶᠢᠭᠤᠯᠤᠯᠲᠠ ᠶᠢ ᠦᠨᠡᠨ ᠬᠦ ᠰᠠᠶᠢᠲᠤᠷ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠵᠢᠯᠴᠢᠨ ᠤ ᠡᠪᠯᠡᠯ ᠳᠠᠬᠢ | ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠦᠨᠵᠡᠭᠡᠢ ᠰᠤᠷᠭᠠᠮᠵᠢ ᠠᠪᠴᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ᠂ ᠵᠤᠭᠠᠴᠠᠯ᠂ | ᠭᠠᠯ ᠤᠨᠲᠠᠷᠠᠭᠠᠬᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠪᠣᠯᠤᠨ ᠢᠳᠡᠭᠡᠨ ᠵᠡᠷᠭᠡ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠲᠤᠪᠤᠶᠢᠮ᠎ᠠ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠣᠭᠤᠳᠬᠤ ᠳᠤᠭᠤᠶᠢᠯᠠᠩ ᠤᠨ ᠪᠣᠯᠪᠠᠰᠤᠷᠠᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠶᠢᠨᠠᠨ | ᠲᠣᠭᠤᠷᠢᠭ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |