ᠪᠠᠷᠠᠭᠤᠨ ᠤᠷᠠᠨᠳᠦ᠋ᠰᠢ ᠵᠡᠭᠡᠯᠢ ᠭᠤᠳᠤᠮᠵᠢ 2025 ᠣᠨ ᠤ 7 ᠳ᠋ᠤᠭᠠᠷ ᠤᠳᠠᠭᠠᠨ ᠤ ᠨᠠᠮ ᠤᠨ ᠠᠵᠢᠯ ᠤᠨ  ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/20
      ᠣᠶᠢᠷ᠎ᠠ ᠳᠤ᠂ ᠪᠠᠷᠠᠭᠤᠨ ᠤᠷᠠᠨᠳᠦ᠋ᠰᠢ ᠵᠡᠭᠡᠯᠢ ᠭᠤᠳᠤᠮᠵᠢ ᠶᠢᠨ 2025 ᠣᠨ ᠤ 7 ᠳ᠋ᠤᠭᠠᠷ ᠤᠳᠠᠭᠠᠨ ᠤ ᠨᠠᠮ ᠤᠨ ᠠᠵᠢᠯ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠶᠠᠩ ᠬᠠᠢ ᠳ᠋ᠦᠩ ᠬᠤᠷᠠᠯ ᠢ ᠡᠷᠬᠢᠯᠡᠪᠡ᠃      ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠲᠠ ᠪᠣᠯᠤᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠠᠶᠢᠨᠠᠨ ᠲᠣᠭᠤᠷᠢᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠬᠠᠷᠢᠶ᠎ᠠ ᠣᠷᠣᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠲᠥᠯᠥᠪᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠶᠠᠷ ᠤᠢᠢᠷ᠎ᠠ ᠶᠢᠨ ᠬᠤᠭᠤᠴᠠᠭᠠᠨ ᠤ ᠠᠳᠡᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠦᠬᠦᠨ ᠢ ᠭᠠᠷ ᠲᠠᠭᠠᠨ ᠠᠳᠬᠤᠬᠤ︾ ᠠᠵᠢᠯᠯᠠᠭ᠎ᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠨᠠᠷ ᠰᠠᠶᠢᠲᠠᠢ ᠥᠷᠨᠢᠭᠦᠯᠵᠦ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠴᠡᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠴᠢᠩᠭᠠᠳᠬᠠᠵᠤ᠂ ︽ᠭᠤᠣᠯ ᠤᠨ ᠳᠠᠷᠤᠭ᠎ᠠ ᠶᠢᠨ ᠳᠦᠷᠢᠮ︾ ᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠤᠨ ᠵᠠᠮ ᠤᠨ ︽ᠲᠦᠷᠪᠡᠨ ᠰᠠᠮᠠᠭᠤᠨ︾ ᠤ ᠦᠵᠡᠭᠳᠡᠯ ᠢ ᠴᠠᠭ ᠲᠤᠬᠠᠢ ᠳᠤᠨᠢ ᠠᠷᠢᠯᠭᠠᠵᠤ᠂ ᠭᠤᠣᠯ ᠤᠨ ᠵᠠᠮ ᠤᠨ ᠦᠶᠡᠷ ᠤᠨ ᠠᠮᠤᠷ ᠲᠦᠪᠰᠢᠨ ᠪᠠ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠠᠴᠠ ᠦᠨᠡᠨ ᠬᠦ ᠰᠤᠷᠭᠠᠮᠵᠢ ᠠᠪᠴᠤ᠂ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠳᠡᠯᠭᠡᠵᠦ᠂ ᠠᠵᠠ ᠵᠠᠪᠰᠢᠶᠠᠨ ᠢ ᠡᠷᠢᠬᠦ ᠪᠤᠳᠤᠯ ᠪᠣᠯᠤᠨ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠡᠳᠬᠢᠯ ᠳᠡᠭᠡᠨ ᠵᠢᠷᠦᠬᠡᠰᠢᠶᠡᠯ ᠲᠠᠢ᠂ ᠬᠡᠯᠡᠬᠦ ᠳᠤ ᠴᠡᠭᠡᠷ ᠲᠠᠢ᠂ ᠬᠢᠬᠦ ᠳᠤ ᠬᠤᠷᠢᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号