ᠪᠠᠢ ᠴᠦᠨ ᠯᠸᠢ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/20
      5 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠶ ᠴᠦᠨ ᠯᠸᠢ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠣᠷᠣᠯᠴᠠᠪᠠ᠃      ᠪᠠᠢ ᠴᠦᠨ ᠯᠸᠢ ᠨᠠᠷ ᠤᠷᠢᠳ ᠬᠤᠵᠢᠳ ᠪᠠᠷᠠᠭᠤᠨ ᠵᠦᠸᠧ ᠽᠢ ᠱᠠᠨ᠂ ᠷᠠᠰᠠᠩ ᠰᠦᠮ᠎ᠡ᠂ ᠪᠠᠶᠠᠨᠲᠤᠬᠤᠢ ᠵᠡᠷᠭᠡ ᠭᠠᠵᠠᠷ ᠣᠷᠣᠨ ᠳᠤ ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠬᠠᠮᠰᠠᠷ ᠠᠴᠠ ᠪᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠡᠷᠡᠰ ᠰᠠᠶᠢᠲᠤᠷ ᠠᠳᠬᠤᠵᠤ᠂ ᠪᠦᠬᠦ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠬᠤ᠂ ᠦᠷᠭᠦᠯᠵᠢᠯᠡᠨ ᠰᠠᠶᠢᠵᠢᠷᠠᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠬᠡᠯᠡᠪᠡ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠴᠢᠩᠳᠠᠯᠠᠵᠤ᠂ ᠵᠢᠷᠤᠭ ᠡᠯᠭᠦᠨ ᠪᠠᠶᠢᠯᠳᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠠᠰᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ ᠤᠨ ᠬᠠᠮᠢᠶᠠᠷᠤᠯᠲᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号