5 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ | ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ | ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠤᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠵᠡᠭᠡᠯᠢ ᠭᠤᠳᠤᠮᠵᠢ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠵᠡᠭᠡᠯᠢ ᠭᠤᠳᠤᠮᠵᠢ ᠶᠢᠨ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠭᠦᠨᠵᠡᠭᠡᠢ | ᠠᠬᠢᠭᠤᠯᠵᠤ᠂ ᠪᠦᠬᠦ ᠬᠤᠳᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠪᠣᠯᠤᠨ ᠮᠠᠨ ᠤ | ᠲᠣᠭᠤᠷᠢᠭ ᠤᠨ ︽ᠠᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠡᠷᠡᠰ ᠭᠤᠶᠢᠪᠢᠰᠢ ᠦᠭᠡᠢ ᠨᠡᠮᠡᠭᠳᠡᠭᠦᠯᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ | ᠷᠠᠰᠢᠵᠦᠩ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠶ ᠱᠦᠵᠢ ᠰᠢ ᠶᠢᠨ | ᠫᠢᠩ ᠤᠨ ᠯᠢᠶᠣᠤᠨᠢᠩ ᠤᠨ ᠯᠢᠶᠣᠤ ᠶᠠᠩ ᠬᠤᠲᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠳᠦᠭᠡᠷ ᠵᠣᠴᠢᠳ ᠤᠨ | ᠪᠠᠭᠤᠳᠠᠯ ᠤᠨ ᠭᠠᠯ ᠤᠨ ᠠᠶᠤᠯ ᠤᠨ ᠠᠳᠡᠯ᠂ ᠭᠦᠢᠵᠧᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ | ᠵᠢᠭᠤᠯᠴᠢᠯᠠᠯ ᠤᠨ ᠣᠩᠭᠤᠴᠠ ᠶᠢᠨ ᠬᠥᠷᠪᠡᠭᠦᠯᠬᠦ ᠠᠳᠡᠯ ᠤᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠤᠶᠠᠷ ᠤᠳᠠᠭᠠᠨ ᠤ ᠠᠳᠡᠯ ᠤᠨ ᠲᠤᠷᠰᠢᠯᠭ᠎ᠠ ᠰᠤᠷᠭᠠᠮᠵᠢ ᠶᠢ ᠭᠦᠨᠵᠡᠭᠡᠶ | ᠰᠢᠩᠭᠡᠭᠡᠨ ᠠᠪᠴᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ | ᠪᠦᠬᠦᠨ ᠢ ᠭᠠᠷ ᠲᠠᠭᠠᠨ ᠠᠳᠬᠤᠬᠤ︾ ᠠᠵᠢᠯᠯᠠᠭ᠎ᠠ ᠪᠠᠷ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭ᠎ᠠ | ᠠᠳᠬᠤᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ | ᠠᠩᠬᠠᠷᠴᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠪᠠ ᠲᠣᠭᠲᠠᠭᠤᠨ ᠪᠤᠰᠤ ᠬᠦᠴᠦᠨ ᠵᠦᠢᠯ ᠢ | ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ | ᠬᠤᠷᠢᠭᠯᠠᠵᠤ᠂ ᠬᠠᠷᠢᠶᠠᠲᠤ ᠣᠷᠣᠨ ᠤ ᠠᠮᠤᠷ ᠲᠦᠪᠰᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠶ᠃ | ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ | ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠶ᠎ᠡ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠨᠡᠶᠢᠭᠡᠮ ᠵᠢᠷᠤᠮ ᠤᠨ | ᠭᠤᠤᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠨ᠎ᠡ | ᠴᠠᠭ ᠦᠶ᠎ᠡ ᠶᠢᠨ ᠰᠣᠶᠣᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠤᠮᠠᠷᠠᠲᠤ ᠬᠢᠯᠢ ᠶᠢᠨ | ᠰᠣᠶᠣᠯ︾ ᠢ ᠭᠦᠨᠵᠡᠭᠡᠶ ᠲᠣᠳᠣᠷᠬᠠᠶᠢᠯᠠᠨ ᠠᠭᠤᠳᠠᠯᠬᠤ ᠪᠠ ᠤᠬᠠᠭᠤᠯᠤᠨ ᠳᠡᠯᠭᠡᠨ ᠦᠵᠡᠭᠦᠯᠵᠦ᠂ ᠥᠪᠡᠷᠮᠢᠴᠡ | ᠣᠨᠴᠠᠯᠢᠭ ᠲᠠᠢ ᠣᠯᠠᠨ ᠲᠦᠮᠡᠨᠴᠢᠯᠡᠬᠦ᠂ ᠲᠤᠰᠬᠠᠯᠵᠢᠬᠤ᠂ ᠬᠠᠷᠢᠯᠴᠠᠨ ᠦᠢᠯᠡᠳᠦᠯᠴᠡᠬᠦ ︽ᠪᠢᠴᠢᠯ︾ ᠰᠣᠶᠣᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠣᠯᠠᠨ ᠤ ᠣᠶᠤᠨ ᠤ ᠰᠣᠶᠣᠯ ᠤᠨ ᠬᠡᠷᠡᠭᠴᠡᠭᠡ ᠶᠢ | ᠬᠠᠩᠭᠠᠵᠤ᠂ ᠤᠮᠠᠷᠠᠲᠤ ᠬᠢᠯᠢ ᠶᠢᠨ ᠰᠣᠶᠣᠯ ᠤᠨ ᠬᠠᠷᠢᠶᠠᠲᠤ ᠣᠷᠣᠨ ᠳᠤ ᠪᠦᠬᠦᠨ ᠢ ᠬᠠᠮᠤᠷᠤᠨ ᠳᠡᠯᠭᠡᠷᠡᠭᠦᠯᠬᠦ ᠳᠤ | ᠪᠥᠬᠦ ᠲᠠᠯ᠎ᠠ ᠪᠠᠷ ᠬᠦᠴᠦᠨ ᠨᠡᠮᠡᠷᠢᠯᠡᠬᠦ ᠬᠡᠷᠡᠭᠲᠡᠶ᠃ | ᠬᠤᠷᠠᠯ ᠠᠴᠠ ᠪᠠᠰᠠ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾ ᠶᠢ | ᠤᠯᠠᠮᠵᠢᠯᠠᠨ ᠰᠤᠷᠤᠯᠴᠠᠵᠤ᠂ ᠷᠠᠰᠢᠵᠦ᠋ᠩ ᠵᠡᠭᠡᠯᠢ ᠭᠤᠳᠤᠮᠵᠢ ᠶᠢᠨ ᠤᠢᠢᠷ᠎ᠠ ᠶᠢᠨ ᠬᠤᠭᠤᠴᠠᠭᠠᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢ | ᠰᠣᠨᠣᠰᠴᠤ᠂ ᠨᠡᠶᠢᠭᠡᠮ ᠲᠣᠭᠤᠷᠢᠭ ᠤᠨ ᠠᠵᠤ ᠠᠬᠤᠢ ᠶᠢᠨ ᠠᠬᠢᠴᠠ ᠶᠢᠨ ᠪᠠᠶᠢᠳᠠᠯ ᠢ ᠲᠤᠬᠢᠷᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |