ᠯᠢᠦ ᠪᠦᠦ ᠴᠧᠩ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/21
      5 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠤᠷᠢᠳ ᠬᠤᠵᠢᠳ ᠷᠠᠰᠠᠩ ᠰᠦᠮ᠎ᠡ ᠪᠠᠯᠭᠠᠰᠤᠨ ᠤ ᠰᠠᠶᠢᠬᠠᠬᠤᠰᠤ ᠲᠣᠰᠬᠤᠨ ᠤ ᠾᠧ ᠫᠠᠨ ᠲᠣᠰᠬᠤᠨ ᠤ ᠠᠷᠠᠳ ᠤᠨ ᠳᠤᠭᠤᠶᠢᠯᠠᠩ ᠤᠨ ᠰᠢᠨ ᠢ ᠹᠧᠩ ᠠᠵᠤ ᠦᠢᠯᠡᠰ ᠤᠨ ᠬᠦᠴᠦᠷᠬᠡᠭ ᠪᠠᠯᠭᠠᠰᠤᠨ ᠤ ᠲᠥᠷᠥᠯ ᠵᠦᠢᠯ ᠤᠨ ᠰᠠᠭᠤᠷᠢᠨ ᠭᠠᠵᠠᠷ ᠪᠣᠯᠤᠨ ᠪᠠᠶᠠᠨᠲᠣᠬᠤᠶ ᠪᠠᠯᠭᠠᠰᠤᠨ ᠤ ᠭᠠᠨᠭᠴᠠᠮᠣᠳᠣ ᠲᠣᠰᠬᠤᠨ ᠤ ᠰᠢᠨ ᠱᠧᠩ ᠨᠡᠷᠡᠨ ᠤ ᠡᠨᠧᠷᠭᠢ ᠶᠢᠨ ᠬᠡᠷᠡᠯ ᠴᠡᠨᠡᠭ ᠤᠨ ᠬᠦᠯᠡᠮᠵᠢ ᠶᠢᠨ ᠲᠠᠷᠢᠮᠠᠯ ᠤᠨ ᠬᠦᠷᠢᠶᠡᠯᠡᠩ᠂ ᠶᠠᠩ ᠯᠦ ᠵᠢᠩ ᠲᠣᠰᠬᠤᠨ ᠤ ᠦᠬᠠᠶ ᠬᠤᠲᠠ ᠶᠢᠨ ᠮᠥ ᠵᠢᠶᠠ ᠳᠠᠷᠢᠵᠤ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ᠂ ᠷᠦᠩ ᠭᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠣᠷᠳᠣᠵᠤ ᠲᠠᠷᠭᠤᠯᠠᠭᠤᠯᠬᠤ ᠭᠠᠭ᠋ᠠᠶ ᠲᠡᠵᠢᠭᠡᠨ ᠦᠷᠡᠵᠢᠭᠦᠯᠬᠦ ᠠᠵᠤ ᠦᠶᠢᠯᠡᠰᠵᠢᠭᠰᠡᠨ ᠲᠥᠷᠥᠯ ᠵᠦᠢᠯ ᠵᠡᠷᠭᠡ ᠭᠠᠵᠠᠷ ᠲᠤ ᠬᠦᠷᠴᠦ᠂ ᠲᠠᠷᠢᠶᠠᠯᠠᠩ ᠤᠨ ᠠᠵᠤ ᠠᠬᠤᠶᠢᠯᠠᠯ ᠤᠨ ᠠᠵᠢᠯᠯᠠᠭᠠᠨ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ᠂ ᠵᠢᠭᠦᠷᠲᠡᠨ ᠮᠠᠯ ᠲᠡᠵᠢᠭᠡᠨ ᠦᠷᠡᠵᠢᠭᠦᠯᠬᠦ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠰᠤᠯᠠ ᠪᠠᠶᠢᠭ᠎ᠠ ᠡᠬᠢ ᠪᠠᠶᠠᠯᠢᠭ ᠢ ᠢᠳᠡᠪᠬᠢᠲᠡᠢ ᠠᠮᠢᠳᠤᠯᠢᠭᠵᠢᠭᠤᠯᠤᠨ ᠠᠰᠢᠭᠯᠠᠵᠤ᠂ ᠲᠦᠬᠦᠭᠡᠷᠦᠮᠵᠢᠳᠤ ᠲᠠᠷᠢᠶᠠᠯᠠᠩ᠂ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠬᠥᠳᠡᠭᠡ ᠠᠵᠤ ᠠᠬᠤᠢ ᠪᠠᠷ ᠵᠤᠭᠠᠴᠠᠯ ᠢ ᠠᠬᠢᠭᠤᠯᠬᠤ᠂ ᠬᠥᠳᠡᠭᠡ ᠠᠵᠤ ᠠᠬᠤᠢ ᠵᠤᠭᠠᠴᠠᠯ ᠢ ᠠᠭᠤᠰᠤᠯᠴᠠᠭᠤᠯᠬᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠬᠥᠭᠵᠢᠯᠲᠡ ᠶᠢ ᠬᠦᠴᠦᠯᠡᠨ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠤᠯᠠᠮ ᠨᠢᠭᠡ ᠠᠯᠬᠤᠮ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠪᠣᠳᠠᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠣᠷᠣᠨ ᠨᠤᠲᠤᠭ ᠤᠨ ᠲᠠᠷᠢᠶᠠᠯᠠᠩ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号