ᠯᠢᠦ ᠪᠦᠦ ᠴᠧᠩ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/22
      5 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠮᠠ ᠺᠠᠢ ᠣᠷᠣᠯᠴᠠᠵᠠᠢ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠥᠪᠥᠷ ᠮᠣᠩᠭᠤᠯ ᠤᠨ ᠴᠢᠨ ᠵᠧᠨ ᠠᠵᠤ ᠦᠶ᠋ᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦ ᠶᠢ ᠭᠦᠨᠵᠡᠭᠡᠶ ᠡᠳ᠋ᠰᠢᠭᠦᠯᠦᠨ ᠶᠡᠷᠦᠩᠬᠡᠶᠢᠯᠡᠨ ᠠᠰᠢᠭᠯᠠᠬᠤ ᠲᠥᠷᠥᠯ ᠵᠦᠶ᠋ᠯ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠦᠬᠤᠰᠣ ᠪᠣᠬᠢᠷᠲᠤᠯ ᠥᠬᠡᠶ ᠣᠶᠤᠨᠴᠢ ᠨᠡᠭᠦᠷᠡᠰᠦ ᠶᠢ ᠤᠬᠢᠶᠠᠵᠤ ᠰᠣᠩᠭᠤᠨ ᠪᠣᠯᠪᠠᠰᠤᠷᠠᠭᠤᠯᠬᠤ ᠠᠵᠤ ᠦᠶ᠋ᠯᠡᠰ ᠤᠨ ᠬᠦᠷᠢᠶᠡᠯᠡᠩ ᠤᠨ ᠲᠥᠷᠥᠯ ᠵᠦᠶ᠋ᠯ᠂ ᠦᠬᠠᠶ ᠬᠤᠲᠠ ᠶᠢᠨ ᠶᠦᠨ ᠰᠢᠶᠠᠩ ᠠᠭᠤᠷᠬᠠᠶ ᠶᠢᠨ ᠦᠶ᠋ᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 400 ᠲᠦᠮᠡᠨ ᠮᠧᠲᠷ ᠤᠨ ᠤᠭᠰᠠᠷᠠᠮᠠᠯ ᠮᠠᠶ᠋ᠢᠭ ᠤᠨ ᠪᠧᠲ᠋ᠤᠨ ᠤ ᠲᠣᠨᠣᠭᠯᠠᠭᠠᠰᠤ ᠶᠢᠨ ᠦᠶ᠋ᠯᠡᠳᠪᠦᠷᠢᠯᠡᠯ ᠤᠨ ᠱᠤᠭᠤᠮ ᠤᠨ ᠲᠥᠷᠥᠯ ᠵᠦᠶ᠋ᠯ ᠪᠣᠯᠤᠨ ᠦᠬᠠᠶ ᠬᠤᠲᠠ ᠶᠢᠨ ᠯᠧ ᠶᠦᠨ ᠪᠠᠷᠠᠭᠠᠨ ᠤ ᠭᠦᠶ᠋ᠯᠭᠡᠭᠡᠨ ᠤ ᠬᠢᠵᠠᠭᠠᠷᠲᠤ ᠺᠣᠮᠫᠠᠨᠢ ᠶᠢᠨ ᠬᠦᠨᠳᠦ ᠺᠠᠷᠲ ᠵᠢᠴᠢ ᠢᠨᠵᠧᠨᠧᠷᠢᠩ ᠤᠨ ᠮᠠᠰᠢᠨ ᠮᠧᠬᠠᠨᠢᠭ ᠤᠨ ᠪᠣᠷᠣᠯᠠᠭᠤᠯᠭ᠎ᠠ ᠵᠢᠴᠢ ᠪᠣᠷᠣᠯᠠᠭᠤᠯᠭ᠎ᠠ ᠶᠢᠨ ᠳᠠᠷᠠᠭᠠᠬᠢ ᠦᠶ᠋ᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢᠶᠠᠷ ᠭᠤᠣᠯ ᠪᠣᠯᠭᠠᠬᠤ︾ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ ᠠᠵᠤ ᠦᠢᠯᠡᠰ ᠢ ᠬᠥᠭᠵᠢᠭᠦᠯᠵᠦ᠂ ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠲᠦᠷᠦᠯ ᠵᠦᠢᠯ ᠤᠨ ᠲᠣᠭᠤᠷᠢᠨ ᠳᠤ ᠲᠦᠷᠦᠯ ᠵᠦᠢᠯ ᠢ ᠠᠩᠬᠠᠷᠤᠨ ᠠᠵᠢᠯᠯᠠᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠬᠤ ᠶᠢ ᠪᠠᠲᠤᠯᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠨᠡᠩ ᠰᠠᠶᠢᠲᠤᠷ ᠲᠠᠶᠢᠴᠢᠯᠠᠨ ᠥᠷᠭᠡᠳᠬᠡᠬᠦ ᠬᠡᠷᠡᠭᠲᠡᠢ᠃ ᠠᠵᠤ ᠠᠬᠤᠶᠢᠯᠠᠯ ᠤᠳ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠵᠤ᠂ ᠬᠠᠷᠠᠯᠲᠠ ᠡᠭᠦᠷᠭᠡ ᠪᠠᠨ ᠲᠣᠭᠲᠠᠭᠠᠵᠤ᠂ ᠬᠠᠷᠠᠯᠲᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠪᠥᠬᠦ ᠬᠦᠴᠦᠨ ᠢᠶᠠᠷ ᠢᠶᠠᠨ ᠠᠬᠢᠴᠠ ᠶᠢ ᠠᠳᠬᠤᠵᠤ᠂ ᠡᠯ᠎ᠡ ᠲᠥᠷᠥᠯ ᠵᠦᠢᠯ ᠢ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号