5 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠭᠤᠤᠯ ᠰᠡᠳᠦᠪ ᠤᠨ ᠲᠣᠭᠤᠷᠢᠨ ᠳᠤ 2025 ᠣᠨ ᠤ 6 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠲᠦᠷᠢᠮ | ᠲᠣᠭᠲᠠᠭᠠᠯ ᠲᠣᠭᠲᠠᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠬᠠᠲᠠᠭᠤ ᠪᠠᠷᠢᠮᠵᠢᠶ᠎ᠠ ᠪᠠ | ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ | ᠤᠯᠠᠨ ᠲᠦᠮᠡᠨ ᠪᠠ ᠦᠨᠳᠦᠰᠦᠨ ᠱᠠᠲᠤᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠤᠨ ᠢᠯᠡᠷᠡᠬᠦ | ᠬᠡᠯᠪᠡᠷᠢ᠂ ᠪᠣᠳᠠᠲᠠᠢ ᠰᠢᠯᠲᠠᠭᠠᠨ᠂ ᠬᠠᠷᠢᠭᠤᠴᠠᠯᠭ᠎ᠠ ᠶᠢᠨ ᠢᠷᠡᠯᠲᠡ ᠶᠢ ᠣᠨᠣᠪᠴᠢᠲᠠᠢ ᠵᠠᠳᠠᠯᠵᠤ᠂ ︽ᠳᠠᠷᠤᠭᠠᠰᠤ ᠶᠢ | ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ | ᠰᠢᠮᠳᠠᠭᠤᠯᠬᠤ︾ ᠶᠢ ᠨᠢᠭᠡ ᠴᠤᠬᠴᠠᠵᠢᠭᠤᠯᠤᠨ ᠰᠠᠶᠢᠲᠤᠷ ᠠᠳᠬᠤᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ | ᠰᠢᠰᠲ᠋ᠧᠮ ᠲᠠᠢ ᠠᠬᠢᠭᠤᠯᠵᠤ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠦᠷ᠎ᠡ | ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠤ ᠰᠠᠨᠠᠭᠤᠯᠭ᠎ᠠ ᠶᠢ ᠰᠣᠨᠣᠰᠴᠤ᠂ | ᠲᠦᠷᠢᠮ ᠲᠣᠭᠲᠠᠭᠠᠯ ᠲᠣᠭᠲᠠᠭᠠᠬᠤ ᠪᠠᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ | ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ᠃ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ | ᠭᠠᠮᠨᠠᠨ ᠠᠷᠪᠢᠯᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠤᠨ ᠡᠯ᠎ᠡ ᠵᠦᠢᠯ ᠤᠨ ᠲᠣᠭᠲᠠᠭᠠᠯ ᠢ ᠡᠷᠡᠰ | ᠨᠠᠶᠢᠳᠠᠪᠤᠷᠢᠵᠢᠭᠤᠯᠵᠤ᠂ ᠠᠯᠪᠠᠨ ᠶᠠᠪᠤᠳᠠᠯ ᠤᠨ ᠠᠵᠢᠯᠯᠠᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠨᠡᠩ | ᠤᠯᠠᠨ ᠪᠡᠯᠡ ᠮᠥᠩᠭᠦ ᠭᠠᠷᠭᠠᠨ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ | ᠬᠡᠷᠡᠭᠯᠡᠬᠦ ᠬᠡᠷᠡᠭᠲᠡᠢ᠃ | ᠬᠡᠰᠡᠭ ᠵᠠᠯᠠᠭᠤ ᠰᠠᠯᠠᠭᠠᠨ ᠲᠡᠰ ᠤᠨ ᠺᠠᠳ᠋ᠷ ᠤᠨ ᠲᠥᠯᠥᠭᠡᠯᠡᠭᠴᠢ ᠬᠠᠮᠲᠤ ᠶᠢᠨ ᠰᠤᠷᠤᠯᠴᠠᠯᠭ᠎ᠠ ᠳᠤ ᠰᠤᠯᠠ | ᠣᠷᠣᠯᠴᠠᠪᠠ᠃ |