ᠲᠣᠭᠤᠷᠢᠭ ᠤᠨ ᠵᠠᠰᠠᠭ ᠤᠨ ᠣᠷᠳᠣᠨ 2025 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
      5 ᠰᠠᠷ᠎ᠠ ᠶᠢᠨ 21 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠴᠢᠨ ᠲᠠᠪᠤᠳᠤᠭᠠᠷ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠴᠢᠬᠤᠯᠠ ᠵᠢᠭᠠᠪᠤᠷᠢ ᠥᠭᠴᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠬᠤᠷᠠᠯ ᠢ ᠡᠷᠭᠢᠯᠡᠪᠡ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠵᠡᠮᠳᠡᠭᠴᠦᠳ ᠢ ᠲᠤᠰᠠᠯᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠠᠮᠲᠤᠯᠢᠭ ᠲᠤ ᠬᠠᠨᠳᠤᠭᠤᠯᠤᠨ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠠᠵᠢᠯ ᠣᠯᠭᠤᠯᠲᠠ ᠶᠢ ᠠᠬᠢᠭᠤᠯᠬᠤ᠂ ᠣᠨᠴᠠᠭᠠᠢ ᠰᠤᠷᠭᠠᠨ ᠬᠥᠮᠦᠵᠢᠯ᠂ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠴᠢᠨᠠᠭᠰᠢᠳᠠ ᠰᠠᠶᠢᠲᠤᠷ ᠬᠢᠵᠦ᠂ ᠪᠦᠬᠦ ᠨᠡᠶᠢᠭᠡᠮ ᠢ ᠲᠠᠶᠢᠴᠢᠯᠠᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠤᠨ ᠬᠦᠰᠡᠯ ᠡᠷᠡᠮᠡᠯᠵᠡᠯ᠂ ᠣᠯᠠᠨ ᠲᠦᠮᠡᠨ ᠤ ᠣᠶᠤᠨ ᠤᠬᠠᠭᠠᠨ᠂ ᠲᠤᠰᠬᠠᠶ ᠮᠡᠷᠭᠡᠵᠢᠯᠲᠡᠨ ᠤ ᠰᠠᠨᠠᠯ᠂ ᠦᠨᠳᠦᠰᠦᠨ ᠱᠠᠲᠤᠨ ᠤ ᠲᠤᠷᠰᠢᠯᠭ᠎ᠠ ᠵᠡᠷᠭᠡ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠦᠨᠡᠨ ᠬᠦ ᠢᠯᠡᠷᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃      ᠬᠤᠷᠠᠯ ᠠᠴᠠ ᠡᠷᠡᠭᠦᠯ ᠮᠡᠨᠳᠦ ᠶᠢᠨ ᠬᠠᠶᠢᠨᠠᠨ ᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠪᠣᠯᠤᠨ ︽ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠣᠯᠠᠨ ᠲᠦᠮᠡᠨ ᠬᠠᠨᠤᠮᠵᠢᠲᠠᠶ ᠪᠠᠶᠢᠬᠤ︾ ᠶᠢ ᠢᠮᠠᠭᠲᠠ ᠬᠠᠮᠤᠭ ᠤᠨ ᠥᠨᠳᠥᠷ ᠪᠠᠷᠢᠮᠵᠢᠶ᠎ᠠ ᠪᠣᠯᠭᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠤᠶᠤᠨᠲᠤ ᠡᠮᠨᠡᠯᠭᠡ ᠶᠢᠨ ᠬᠤᠷᠢᠶ᠎ᠠ ᠪᠣᠯᠤᠨ ᠡᠮᠨᠡᠯᠭᠡ ᠶᠢᠨ ᠬᠤᠷᠢᠶᠠᠨ ᠤ ᠮᠡᠳᠡᠭᠡ ᠵᠠᠩᠭᠢ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠᠨ ᠲᠦᠷᠭᠡᠳᠬᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠬᠦᠭᠡᠷᠦᠮᠵᠢ ᠶᠢᠨ ᠬᠠᠲᠠᠭᠤ ᠲᠣᠨᠤᠭ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠨᠳᠥᠷ ᠬᠡᠪ ᠴᠢᠨᠠᠷ ᠪᠦᠬᠦᠢ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠪᠥᠬᠦ ᠲᠤᠭᠤᠷᠢᠭ ᠤᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠠᠬᠢᠨ ᠥᠷᠭᠡᠳᠬᠡᠵᠦ᠂ ᠡᠮᠴᠢᠯᠡᠭᠡᠨ ᠤ ᠦᠶ᠋ᠯᠡᠴᠢᠯᠡᠭᠡᠨ ᠤ ᠬᠢᠷᠢ ᠲᠦᠪᠰᠢᠨ ᠢᠶᠠᠨ ᠳᠠᠬᠢᠨ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠪᠠᠲᠤᠯᠠᠭ᠎ᠠ ᠶᠢᠨ ᠰᠠᠭᠤᠷᠢ ᠪᠠᠨ ᠳᠠᠬᠢᠨ ᠪᠠᠲᠤᠳᠬᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽︿ᠲᠠᠪᠤᠨ ᠲᠣᠭᠤᠷᠢᠭ ᠨᠢᠭᠡ ᠭᠤᠣᠯ﹀ ᠢ ᠨᠢᠭᠡᠳᠦᠯᠲᠡᠢ ᠲᠥᠯᠥᠪᠵᠢᠭᠦᠯᠵᠦ ᠦᠵᠡᠰᠬᠦᠯᠡᠩᠲᠦ ᠰᠠᠶᠢᠬᠠᠨ ᠬᠠᠶᠢᠨᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾᠂ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠬᠤᠳᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠢᠯᠢ ᠶᠢ ᠰᠢᠯᠢᠳᠡᠭᠵᠢᠭᠦᠯᠬᠦ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号