2025 ᠣᠨ ᠤ 5 ᠰᠠᠷ᠎ᠠ ᠶᠢᠨ 20 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/5/22
      ᠪᠠᠢ ᠴᠦᠨ ᠯᠧᠢ᠄ ᠠᠵᠤ ᠠᠬᠤᠢ ᠶᠢᠨ ᠠᠵᠢᠯᠯᠠᠭᠠᠨ ᠤ ᠪᠠᠢᠳᠠᠯ ᠢ ᠪᠠᠢᠴᠠᠭᠠᠨ ᠰᠤᠳᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠲᠤᠰᠭᠠᠢ ᠰᠡᠳᠦᠪᠲᠦ ᠬᠤᠷᠠᠯ ᠬᠤᠷᠠᠯᠳᠤᠭᠤᠯᠪᠠ᠃      ᠱᠢ ᠯᠢ ᠴᠢᠶᠠᠩ᠄ ᠪᠠᠶ ᠲᠣᠭᠤᠷᠢᠭ ᠤᠨ ᠳᠠᠷᠤᠭ᠎ᠠ ᠳᠤ ᠪᠠᠷ᠎ᠠ ᠪᠣᠯᠵᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠯ ᠠᠵᠤ ᠠᠬᠤᠶ ᠶᠢ ᠠᠬᠢᠭᠤᠯᠬᠤ ᠬᠠᠤᠯᠢ︾ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ᠰᠢᠤ ᠹᠠᠩ᠄ 19 - 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︽ᠲᠠᠪᠤᠨ ᠶᠡᠭᠡ ᠡᠭᠦᠷᠭᠡ ᠶᠢᠨ ᠡᠨᠧᠷᠭᠢ ᠣᠯᠭᠤᠬᠤ ᠲᠥᠯᠥᠪᠯᠡᠭᠡ︾ - ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠴᠢᠨᠠᠷ ᠰᠠᠶᠢᠲᠠᠶ ᠬᠥᠭᠵᠢᠯᠲᠡ ᠵᠢᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃      ᠯᠢᠦ ᠵᠢᠶᠠᠨ ᠫᠢᠩ᠄ ᠬᠤᠲᠠ ᠶᠢᠨ ᠵᠠᠰᠠᠭ ᠤᠨ ᠣᠷᠳᠣᠨ ᠳᠤ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠠᠵᠢᠯᠲᠠᠨ ᠢ ᠲᠣᠭᠲᠠᠭᠤᠨ ᠢᠶᠠᠷ  ᠡᠵᠡᠮᠳᠡᠪᠡ᠃      ᠯᠢᠦ ᠲᠢᠶᠠᠨ ᠴᠢᠩ᠄ ᠪᠠᠢ ᠴᠦᠨ ᠯᠸᠢ ᠲᠣᠭᠤᠷᠢᠭ ᠤᠨ ᠳᠠᠷᠤᠭ᠎ᠠ ᠳᠤ ᠪᠠᠷ᠎ᠠ ᠪᠣᠯᠵᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠤ᠂  ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      ᠸᠠᠩ ᠶᠦᠩ ᠱᠧᠩ᠄ ᠠᠭᠤᠷᠬᠠᠢ ᠶᠢᠨ ᠵᠠᠰᠠᠯᠲᠠ ᠶᠢ ᠪᠠᠶᠢᠴᠠᠭᠠᠨ  ᠰᠣᠳᠣᠯᠵᠣ᠂ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      ᠵᠠᠩ ᠨᠢᠩ᠄ 12345 ᠱᠠᠭᠠᠷᠳᠠᠨ ᠱᠢᠢᠳᠪᠦᠷᠢᠯᠡᠭᠦᠯᠬᠦ ᠠᠵᠢᠯ ᠤᠨ ᠬᠠᠭᠤᠳᠠᠰᠤ ᠶᠢᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠣᠪᠠ᠃      ᠶᠠᠩ ᠽᠧ ᠢᠦᠢ᠄ 19 - 20 ᠤ ᠡᠳᠦᠷ ᠦᠬᠠᠢ ᠬᠤᠳᠠ ᠶᠢᠨ 2025 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号