ᠪᠠᠢ ᠴᠦᠨ ᠯᠸᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/26
      5 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠶᠠᠩ ᠽᠧ ᠢᠦᠢ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠤᠷᠢᠳ ᠬᠤᠵᠢᠳ ᠬᠠᠶᠢᠨᠠᠨ ᠲᠣᠭᠤᠷᠢᠭ ᠤᠨ ᠷᠠᠰᠠᠩ ᠰᠦᠮ᠎ᠡ᠂ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠲᠣᠭᠤᠷᠢᠭ᠂ ᠰᠠᠶᠢᠬᠠᠬᠤᠰᠣ ᠲᠣᠰᠬᠤᠨ ᠤ ᠠᠷᠠᠳ ᠤᠨ ᠵᠥᠪᠯᠡᠯ᠂ ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ ᠵᠡᠷᠭᠡ ᠭᠠᠵᠠᠷ ᠲᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠵᠤ᠂ ᠡᠯ᠎ᠡ ᠲᠦᠷᠦᠯ ᠤᠨ ᠵᠢᠭᠰᠠᠭᠠᠯ ᠤᠨ ᠭᠠᠵᠠᠷ᠂ ᠡᠬᠢ ᠪᠠᠶᠠᠯᠢᠭ ᠢ ᠭᠦᠢᠴᠡᠳ ᠠᠰᠢᠭᠯᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠬᠡᠯᠡᠪᠡ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ︽ᠵᠢᠷᠭᠤᠭ᠎ᠠ ᠶᠢ ᠣᠷᠣᠭᠤᠯᠬᠤ︾ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠬᠦᠳᠦᠯᠦᠨ ᠳᠠᠭᠠᠭᠤᠯᠬᠤ ᠪᠠ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠠᠵᠢᠯ ᠢ ᠬᠦᠯᠢᠴᠡᠩᠭᠦᠢ ᠨᠠᠷᠢᠨ ᠨᠢᠮᠪᠠᠢ ᠰᠠᠶᠢᠲᠤᠷ ᠬᠢᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠣᠯᠤᠨ ᠱᠠᠰᠢᠨ ᠰᠢᠲᠦᠳᠡᠭ ᠤᠯᠠᠨ ᠲᠦᠮᠡᠨ ᠤ ︽ᠲᠠᠪᠤ ᠶᠢ ᠮᠡᠳᠡᠷᠡᠬᠦ︾ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ ᠪᠦᠲᠦᠮᠵᠢᠲᠡᠢ ᠪᠠᠲᠤ ᠴᠣᠭᠴᠠᠯᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠡᠭᠦᠳᠦᠨ ᠪᠠᠶᠢᠭᠤᠯᠬᠤ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠣᠶᠢᠯᠠᠭᠠᠭᠳᠠᠬᠤᠨ ᠢ ᠨᠡᠩ ᠭᠦᠨᠵᠡᠭᠡᠶᠢᠷᠡᠭᠦᠯᠬᠦ ᠬᠡᠷᠡᠭᠲᠡᠢ᠃ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠰᠤᠷᠤᠭᠴᠢᠳ ᠢ ᠰᠤᠳᠤᠯᠤᠨ ᠰᠤᠷᠤᠯᠴᠠᠬᠤ ᠶᠠᠪᠤᠴᠠ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠢᠴᠡᠳ ᠣᠶᠢᠯᠠᠭᠠᠭᠤᠯᠬᠤ ᠪᠠ ᠪᠡᠶᠡᠴᠢᠯᠡᠨ ᠣᠶᠢᠯᠠᠭᠠᠭᠤᠯᠵᠤ᠂ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠬᠦ ᠶᠢᠨ ᠤᠯᠠᠮ ᠠᠴᠠ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠪᠠ ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠴᠢᠩ ᠦᠨᠡᠨᠴᠢ᠂ ᠬᠠᠮᠤᠭ ᠤᠨ ᠪᠣᠷᠣᠭᠵᠢᠭᠤᠨ ᠬᠠᠶᠢᠷ᠎ᠠ ᠰᠡᠳᠬᠢᠯᠭᠡ ᠶᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号