5 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠠᠷᠠᠳ ᠲᠤ | ᠪᠣᠳᠠᠲᠤ ᠶᠠᠪᠤᠳᠠᠯ ᠬᠢᠵᠦ ᠥᠭᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ | ᠲᠣᠭᠤᠷᠢᠭ ᠤᠨ ᠤᠳᠤᠷᠢᠳᠤᠯᠭ᠎ᠠ ᠮᠠ ᠺᠠᠢ᠂ ᠵᠠᠩ ᠽᠧ ᠢᠦᠢ ᠣᠷᠣᠯᠴᠠᠪᠠ᠃ | ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠶᠠᠩ ᠶᠤᠸᠠᠨ ᠨᠡᠶᠢᠭᠡᠮ | ᠲᠣᠭᠤᠷᠢᠭ ᠪᠣᠯᠤᠨ ᠬᠦᠬᠤᠰᠣ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠂ ᠯᠢᠦ ᠪᠦᠦ ᠴᠧᠩ ᠬᠠᠷᠢᠭᠤ | ᠮᠡᠳᠡᠭᠦᠯᠦᠯᠲᠡ ᠶᠢ ᠰᠣᠨᠣᠰᠬᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠠᠢ ᠨᠢᠭᠤᠷᠳᠠᠨ | ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠠᠷᠠᠳ ᠲᠤ ᠪᠣᠳᠠᠲᠠᠢ ᠶᠠᠪᠤᠳᠠᠯ ᠬᠢᠵᠦ ᠥᠭᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠭᠦᠨᠵᠡᠭᠡᠢ ᠥᠷᠨᠢᠭᠦᠯᠦᠭᠰᠡᠨ ᠨᠢ ᠦᠨᠳᠦᠰᠦᠨ ᠱᠠᠲᠤᠨ ᠤ ᠤᠯᠠᠨ ᠲᠦᠮᠡᠨ ᠦᠨᠡᠨ ᠪᠣᠳᠠᠲᠠᠢ | ᠬᠦᠷᠲᠡᠮᠵᠢ ᠶᠢᠨ ᠲᠦᠷᠦᠭᠳᠡᠯ ᠪᠠᠶᠢᠬᠤ ᠡᠰᠡᠬᠦ ᠳᠤ ᠪᠠᠶᠢᠨ᠎ᠠ᠃ ᠡᠯ᠎ᠡ ᠪᠠᠯᠭᠠᠰᠤ ︵ᠵᠡᠭᠡᠯᠢ ᠭᠤᠳᠤᠮᠵᠢ︶ ᠦᠵᠡᠯ | ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠴᠢᠩᠭ᠎ᠠ ᠪᠠᠷᠢᠮᠵᠢᠶ᠎ᠠ ᠶᠢ ᠪᠠᠷᠢᠮᠲᠠᠯᠠᠵᠤ᠂ | ᠰᠤᠷᠤᠯᠴᠠᠬᠤ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ | ᠡᠭᠦᠳᠡ ᠪᠠᠨ ᠨᠡᠭᠡᠭᠡᠬᠦ ᠬᠥᠮᠦᠵᠢᠯ ᠢ ᠰᠠᠶᠢᠲᠤᠷ ᠡᠷᠬᠢᠯᠡᠵᠦ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ | ᠤᠯᠠᠨ ᠲᠦᠮᠡᠨ ᠤ ᠲᠤᠰᠬᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠤᠯᠠᠨ ᠲᠦᠮᠡᠨ ᠳᠤ ᠦᠢᠯᠡᠴᠢᠯᠡᠬᠦ ᠪᠣᠳᠠᠲᠠᠢ ᠦᠷ᠎ᠡ ᠪᠦᠲᠦᠮᠵᠢ ᠪᠠᠷ | ᠤᠯᠠᠨ ᠲᠦᠮᠡᠨ ᠳᠤ ᠭᠦᠢᠴᠡᠳ ᠤᠢᠢᠯᠠᠭᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ | ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠦᠬᠠᠢ ᠬᠤᠳᠠ ᠶᠢᠨ ᠬᠠᠶᠢᠨᠠᠨ ᠤ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠢᠵᠠᠭᠠᠷᠲᠤ ᠺᠣᠮᠫᠠᠨᠢ ᠳᠤ᠂ ᠯᠢᠦ ᠪᠦᠦ ᠴᠧᠩ ᠰᠤᠷᠤᠯᠴᠠᠯᠭ᠎ᠠ ᠬᠥᠮᠦᠵᠢᠯ | ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠬᠤᠳᠠ ᠶᠢᠨ | ᠪᠡᠯᠡ ᠣᠷᠣᠭᠤᠯᠤᠯᠲᠠ ᠶᠢᠨ ᠺᠣᠮᠫᠠᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠬᠠᠶᠢᠨᠠᠨ ᠲᠣᠭᠤᠷᠢᠭ ᠤᠨ ᠭᠤᠣᠯ | ᠠᠵᠢᠯ ᠤᠨ ᠲᠣᠭᠤᠷᠢᠨ ᠳᠤ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ ᠬᠦᠷᠢᠶᠡᠨ ᠳᠤ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠡᠭᠦᠷᠭᠡᠯᠡᠯ ᠢ ᠢᠯᠡᠷᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ | ᠲᠦᠮᠡᠨ ᠳᠤ ᠨᠡᠩ ᠤᠯᠠᠨ ᠨᠡᠩ ᠰᠠᠶᠢᠨ ᠬᠦᠷᠲᠡᠭᠡᠬᠦ ᠬᠡᠷᠡᠭᠲᠡᠢ ᠭᠡᠵᠦ ᠬᠡᠯᠡᠪᠡ᠃ | ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠯᠢᠦ ᠪᠦᠦ ᠴᠧᠩ ᠲᠦᠷᠭᠡᠨ ᠡᠮᠨᠡᠯᠭᠡ᠂ | ᠡᠭᠦᠳᠡᠨ ᠡᠮᠨᠡᠯᠭᠡ ᠵᠡᠷᠭᠡ ᠣᠷᠣᠨ ᠪᠦᠰᠡ ᠶᠢ ᠪᠠᠶᠢᠴᠠᠭᠠᠨ ᠦᠵᠡᠵᠦ᠂ ᠡᠮᠴᠢᠯᠡᠭᠡᠨ ᠤ ᠦᠢᠯᠡᠴᠢᠯᠡᠭᠡᠨ ᠤ ᠶᠠᠰᠤ | ᠴᠢᠨᠠᠷ ᠤᠨ ᠳᠡᠭᠡᠭᠰᠢᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠡᠮᠨᠡᠯᠭᠡ ᠶᠢᠨ ᠬᠤᠷᠢᠶ᠎ᠠ | ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠡᠷᠡᠭ ᠢᠶᠠᠷ | ᠲᠤᠯᠢ ᠪᠣᠯᠭᠠᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠲᠠᠯ ᠤᠨ ᠶᠡᠭᠡ ᠬᠤᠪᠢᠷᠠᠯᠲᠠ ᠪᠠᠷ ᠠᠵᠢᠯ ᠤᠨ ᠶᠡᠭᠡ | ᠳᠡᠭᠡᠭᠰᠢᠯᠡᠯᠲᠡ᠂ ᠠᠵᠢᠯ ᠦᠢᠯᠡᠰ ᠤᠨ ᠶᠡᠭᠡ ᠬᠥᠭᠵᠢᠯᠲᠡ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠶᠠᠰᠤ | ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ᠂ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ | ᠲᠦᠮᠡᠨ ᠤ ᠡᠷᠡᠭᠦᠯ ᠮᠡᠨᠳᠦ ᠶᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ ᠭᠡᠵᠡᠢ᠃ |