2025 ᠣᠨ ᠤ 5 ᠰᠠᠷ᠎ᠠ ᠶᠢᠨ  23 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/5/26
      ᠪᠠᠢ ᠴᠦᠨ ᠯᠸᠢ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠢ ᠪᠠᠶᠢᠴᠠᠭᠠᠨ ᠰᠤᠳᠤᠯᠵᠤ᠂ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠵᠣᠯᠭᠠᠭᠤᠯᠪᠠ᠃      ᠱᠢ ᠯᠢ ᠴᠢᠶᠠᠩ᠄  ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠳᠤ  ᠣᠷᠣᠯᠴᠠᠪᠠ᠃      ᠰᠢᠤ ᠹᠠᠩ᠄ ᠪᠥᠬᠦ ᠡᠳᠦᠷ ᠢᠶᠠᠷ ᠠᠷᠠᠯᠵᠢᠶ᠎ᠠ ᠬᠤᠳᠠᠯᠳᠤᠭᠠᠨ ᠤ ᠺᠣᠮᠫᠠᠨᠢ ᠶᠢᠨ ᠨᠡᠭᠦᠷᠡᠰᠦᠨ ᠤ ᠬᠦᠯᠡᠮᠵᠢ ᠶᠢ ᠰᠦᠯᠵᠢᠶᠡᠨ ᠳᠤ ᠣᠷᠣᠭᠤᠯᠵᠤ ᠭᠠᠶᠢᠯᠢ ᠲᠠᠲᠠᠪᠤᠷᠢᠯᠠᠬᠤ ᠲᠠᠪᠴᠠᠩ ᠤᠨ ᠠᠵᠢᠯ ᠪᠠ ᠨᠡᠭᠦᠷᠡᠰᠦᠨ ᠠᠭᠤᠷᠬᠠᠶ ᠳᠤ ᠬᠡᠷᠡᠭᠯᠡᠬᠦ ᠴᠢᠯᠠᠭᠤᠨ ᠲᠣᠰᠣᠨ ᠤ ᠪᠠᠶᠢᠳᠠᠯ ᠢ ᠪᠠᠶᠢᠴᠠᠭᠠᠨ ᠰᠤᠳᠤᠯᠪᠠ᠃      ᠯᠢᠦ ᠵᠢᠶᠠᠨ ᠫᠢᠩ᠄  ᠪᠥᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠪᠥᠬᠦᠳᠡ ᠬᠤᠷᠠᠯ ᠳᠤ ᠣᠷᠣᠯᠴᠠᠵᠤ᠂  ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃      ᠯᠢᠦ ᠲᠢᠶᠠᠨ ᠴᠢᠩ᠄ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦ ᠬᠤᠲᠠ ᠶᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠳᠤ  ᠣᠷᠣᠯᠴᠠᠪᠠ᠃      ᠸᠠᠩ ᠶᠦᠩ ᠱᠧᠩ᠄ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ ᠳᠤ ᠣᠷᠣᠯᠴᠠᠵᠤ᠂ ᠠᠭᠤᠷᠬᠠᠢ ᠶᠢᠨ ᠵᠠᠰᠠᠯᠲᠠ ᠶᠢ ᠪᠠᠶᠢᠴᠠᠭᠠᠨ ᠰᠤᠳᠤᠯᠪᠠ᠃      ᠵᠠᠩ ᠨᠢᠩ᠄  ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠬᠥᠮᠦᠨ ᠡᠯᠰᠡᠬᠦ ᠬᠤᠯᠪᠣᠭᠳᠠᠯ ᠪᠥᠬᠦᠶ ᠤᠴᠢᠷ ᠶᠠᠪᠤᠳᠠᠯ ᠢ ᠰᠣᠳᠣᠯᠪᠠ᠃      ᠶᠠᠩ ᠽᠧ ᠢᠦᠢ᠄ ᠪᠠᠢ ᠴᠦᠨ ᠯᠸᠢ ᠲᠣᠭᠤᠷᠢᠭ ᠤᠨ ᠳᠠᠷᠤᠭ᠎ᠠ ᠳᠤ ᠪᠠᠷ᠎ᠠ ᠪᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠢ ᠪᠠᠶᠢᠴᠠᠭᠠᠨ ᠰᠤᠳᠤᠯᠵᠤ᠂  ᠯᠢ ᠰᠢᠶᠤᠤ ᠴᠢᠩ ᠱᠦᠵᠢ ᠳᠤ ᠪᠠᠷ᠎ᠠ ᠪᠤᠯᠵᠤ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号