ᠪᠠᠢ ᠴᠦᠨ ᠯᠸᠢ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/27
      5 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠬᠦ ᠠᠵᠢᠯᠯᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠤᠨ ᠨᠠᠨᠤᠮᠧᠳ᠋ᠷ ᠤᠨ ᠡᠨᠧᠷᠭᠢ ᠬᠢᠭᠡᠳ ᠰᠢᠰᠲ᠋ᠧᠮ ᠤᠨ ᠰᠤᠳᠤᠯᠭᠠᠨ ᠤ ᠭᠠᠵᠠᠷ ᠤᠨ ᠳᠠᠷᠤᠭ᠎ᠠ ᠸᠠᠩ ᠵᠥᠩ ᠯᠢᠨ ᠠᠺᠠᠳᠧᠮᠢᠴᠢ ᠲᠠᠢ ᠠᠭᠤᠯᠵᠠᠭᠰᠠᠨ ᠪᠥᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠨᠠᠨᠤᠮᠧᠳ᠋ᠷ ᠡᠨᠧᠷᠭᠢ ᠬᠢᠭᠡᠳ ᠰᠢᠰᠲ᠋ᠧᠮ ᠤᠨ ᠰᠤᠳᠤᠯᠭᠠᠨ ᠤ ᠭᠠᠵᠠᠷ ᠢ ᠰᠢᠨᠵᠢᠯᠡᠨ ᠪᠠᠶᠢᠴᠠᠭᠠᠪᠠ᠃      ᠪᠠᠢ ᠴᠦᠨ ᠯᠸᠢ ᠪᠣᠯᠤᠨ ᠸᠠᠩ ᠵᠦᠩ ᠯᠢᠨ ᠠᠺᠠᠳᠧᠮᠢᠴᠢ ᠰᠢᠨ᠎ᠡ ᠡᠨᠧᠷᠭᠢ ᠶᠢᠨ ᠳ᠋ᠢᠶᠠᠨ ᡂᠢ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠯᠢᠲ᠋ᠢ ᠢᠶᠤᠨᠲᠤ ᠳ᠋ᠢᠶᠠᠨ ᡂᠢ ᠶᠢ ᠡᠭᠡᠭᠦᠯᠦᠨ ᠬᠤᠷᠢᠶᠠᠬᠤ ᠮᠡᠷᠭᠡᠵᠢᠯ ᠢ ᠠᠵᠤ ᠦᠢᠯᠡᠰᠵᠢᠭᠦᠯᠦᠨ ᠬᠡᠷᠡᠭᠯᠡᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠥᠷᠨᠢᠭᠦᠯᠵᠦ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠳ᠋ᠢᠶᠠᠨ ᡂᠢ ᠶᠢᠨ ᠮᠡᠷᠭᠡᠵᠢᠯ ᠤᠨ ᠰᠢᠨᠡᠴᠢᠯᠡᠯᠲᠡ ᠪᠣᠯᠤᠨ ᠣᠷᠴᠢᠯ ᠠᠵᠤ ᠠᠬᠤᠢ ᠶᠢᠨ ᠵᠠᠭᠪᠤᠷ ᠤᠨ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠵᠤ᠂ ᠳ᠋ᠢᠶᠠᠨ ᡂᠢ ᠶᠢ ᠡᠭᠡᠭᠦᠯᠦᠨ ᠬᠤᠷᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠢ ᠲᠦᠷᠭᠡᠨ ᠠᠬᠢᠭᠤᠯᠵᠤ᠂ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠥᠷᠢᠯᠡᠬᠦ᠂ ᠪᠣᠬᠢᠷᠲᠤᠯ ᠦᠭᠡᠢ ᠣᠷᠴᠢᠯ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠠᠶᠢᠨᠠᠨ ᠲᠣᠭᠤᠷᠢᠭ ᠤᠨ ᠰᠢᠨ᠎ᠡ ᠡᠨᠧᠷᠭᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠲᠡᠰ ᠤᠨ ᠮᠠᠲ᠋ᠧᠷᠢᠶᠠᠯ ᠵᠡᠷᠭᠡ ᠬᠦᠷᠢᠶᠡᠨ ᠳᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠪᠠ᠃      ᠰᠢᠨᠵᠢᠯᠡᠨ ᠪᠠᠶᠢᠴᠠᠭᠠᠬᠤ ᠳᠤᠮᠳᠠ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠴᠢᠭᠯᠡᠯ ᠤᠨ ᠲᠤᠬᠠᠶ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠲᠠᠢ ᠪᠣᠯᠵᠣ᠂ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠲᠤ ᠭᠠᠷ ᠤᠨ ᠥᠰᠥᠭ ᠵᠢᠷᠤᠭᠰᠠᠨ ᠨᠢ ᠬᠠᠶᠢᠨᠠᠨ ᠲᠣᠭᠤᠷᠢᠭ ᠬᠢᠭᠡᠳ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ︽ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠡᠷᠡᠭᠯᠡᠬᠦ︾ ᠬᠠᠮᠲᠤᠷᠠᠯᠴᠠᠭ᠎ᠠ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠬᠠᠶᠢᠨᠠᠨ ᠲᠣᠭᠤᠷᠢᠭ ᠤᠨ ᠬᠢᠨ ᠲᠦᠷᠦ ᠶᠢᠨ ᠪᠤᠳᠤᠯᠭ᠎ᠠ ᠶᠢᠨ ᠢᠵᠢ ᠪᠦᠷᠢᠳᠦᠭᠰᠡᠨ ᠪᠠ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ︽ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ︾ ᠬᠠᠩᠭᠠᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠶᠢ ᠨᠡᠩ ᠥᠨᠳᠥᠷ ᠲᠡᠰ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠰᠢ ᠤᠷᠤᠭᠰᠢᠯᠠᠭᠤᠯᠬᠤ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号