ᠯᠢᠦ ᠪᠦᠦ ᠴᠧᠩ ᠬᠠᠶᠢᠨᠠᠨ ᠲᠣᠭᠤᠷᠢᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/6
      4 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠠᠶᠢᠨᠠᠨ ᠲᠣᠭᠤᠷᠢᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠮᠠ ᡁᠢ ᠭᠤᠤ᠂ ᠵᠠᠩ ᠽᠧ ᠢᠦᠢ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠨᠠᠷ ᠤᠷᠢᠳ ᠬᠤᠵᠢᠳ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ᠂ ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠭᠰᠡᠨ ᠲᠣᠭᠤᠷᠢᠭ᠂ ᠪᠠᠶᠠᠨᠲᠤᠬᠤᠢ ᠪᠠᠯᠭᠠᠰᠤ ᠶᠢᠨ ᠸᠠᠨ ᠮᠦ ᠲᠠᠨ ᠲᠣᠰᠬᠤᠨ᠂ ᠵᠢᠶᠠ ᠾᠧ ᠰᠠᠭᠤᠭᠠᠯᠢ ᠠᠷᠠᠳ ᠤᠨ ᠲᠣᠭᠤᠷᠢᠭ ᠵᠡᠷᠭᠡ ᠭᠠᠵᠠᠷ ᠲᠤ ᠬᠦᠷᠴᠦ᠂ ᠭᠤᠷᠪᠠᠨ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠦᠨᠳᠦᠰᠦᠨ ᠱᠠᠲᠤᠨ ᠤ ᠰᠢᠶᠠᠩ ᠪᠠᠯᠭᠠᠰᠤ᠂ ᠲᠣᠰᠬᠤᠨ ᠤ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠤᠷᠤᠯᠴᠠᠯᠭ᠎ᠠ ᠬᠥᠮᠦᠵᠢᠯ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ᠂ ᠲᠤᠯᠭᠠᠮ ᠴᠢᠨᠠᠷ ᠢ ᠭᠦᠢᠴᠡᠳ ᠲᠠᠨᠢᠵᠤ᠂ ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠬᠴᠠᠵᠢᠭᠤᠯᠤᠨ ᠠᠬᠢᠭᠤᠯᠵᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠬᠡᠯᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠡᠷᠢᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠶᠡᠷᠦᠩᠬᠡᠶᠢᠯᠡᠨ ᠵᠠᠰᠠᠵᠤ᠂ ᠪᠢᠲᠡᠭᠦᠦ ᠴᠠᠭᠠᠷᠢᠭ ᠢᠶᠠᠷ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠶᠢ ᠪᠠᠲᠤ ᠠᠳᠬᠤᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠭᠤᠷᠪᠠᠨ ᠵᠦᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号