4 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠠᠶᠤᠯᠭᠦᠶ ᠦᠶ᠋ᠯᠡᠳᠪᠦᠷᠢᠯᠡᠯ ᠵᠢᠴᠢ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠱᠢ ᠯᠢ | ᠴᠢᠶᠠᠩ᠂ ᠯᠢᠦ ᠲᠢᠶᠠᠨ ᠴᠢᠩ ᠣᠷᠣᠯᠴᠠᠪᠠ᠃ | ᠪᠠᠢ ᠴᠦᠨ ᠯᠸᠢ ᠤᠷᠢᠳ ᠬᠤᠵᠢᠳ ᠶᠦᠩ ᠲᠠᠢ ᠬᠢᠮᠢ ᠶᠢᠨ ᠬᠢᠵᠠᠭᠠᠷᠲᠤ ᠺᠣᠮᠫᠠᠨᠢ᠂ ᠭᠦᠸᠧ ᠰᠢᠤᠸᠠᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠠᠨ | ᠸᠧᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠠᠢ ᠱᠧᠩ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠠᠵᠢᠯᠯᠠᠭᠠᠨ᠂ ᠠᠶᠤᠯᠭᠦᠢ ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠪᠣᠯᠤᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠲᠠᠯ᠎ᠠ ᠲᠠᠢ ᠬᠤᠯᠪᠣᠭᠳᠠᠨ᠎ᠠ᠂ ᠡᠷᠬᠡᠪᠰᠢ ᠪᠠᠲᠤ ᠰᠠᠬᠢᠬᠤ ︽ᠬᠤᠷᠢᠭ᠎ᠠ ᠱᠤᠭᠤᠮ︾ ᠪᠣᠯᠤᠨ ︽ᠤᠯᠠᠭᠠᠨ ᠱᠤᠭᠤᠮ︾ | ᠪᠣᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ | ᠪᠣᠳᠠᠲᠠᠢ ᠶᠢ ᠡᠷᠬᠢᠮᠯᠡᠬᠦ ᠠᠵᠢᠯ ᠤᠨ ᠠᠷᠭ᠎ᠠ ᠬᠡᠮᠵᠢᠶ᠎ᠡ ᠪᠠᠷ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠤᠷ ᠠᠮᠤᠭᠤᠯᠠᠩ ︽5.1︾ | ᠤ ᠠᠮᠠᠷᠠᠯᠲᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠢᠯ ᠲᠦᠷᠦᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ | ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠪᠣᠯᠤᠨ ᠠᠵᠢᠯᠳᠠᠨ ᠤ ᠪᠣᠯᠪᠠᠰᠤᠷᠠᠯ ᠢ | ᠴᠢᠩᠭᠠᠳᠬᠠᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠴᠠᠭ | ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠪᠣᠬᠢᠷᠲᠤᠯ ᠢ | ᠰᠡᠷᠭᠡᠶᠢᠯᠡᠨ ᠵᠠᠰᠠᠬᠤ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠨᠠᠷᠢᠯᠢᠬᠵᠢᠭᠤᠯᠤᠨ | ᠬᠠᠮᠢᠶᠠᠷᠤᠨ ᠡᠵᠡᠮᠳᠡᠵᠦ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠬᠤ ᠬᠡᠷᠡᠭᠲᠡᠢ᠃ |