ᠪᠠᠶ ᠴᠦᠨ ᠯᠸᠢ ᠠᠭᠤᠷᠬᠠᠶ᠂ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ ᠵᠢᠴᠢ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/6
      4 ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠶ ᠴᠦᠨ ᠯᠸᠢ ᠠᠭᠤᠷᠬᠠᠶ᠂ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ ᠵᠢᠴᠢ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ ᠶᠦᠩ ᠱᠧᠩ᠂ ᠶᠠᠩ ᠽᠧ ᠢᠦᠢ ᠣᠷᠣᠯᠴᠠᠪᠠ᠃      ᠦᠬᠠᠶ ᠬᠤᠲᠠ ᠶᠢᠨ ᠰᠢᠨ᠎ᠡ ᠡᠨᠧᠷᠭᠢ ᠶᠢᠨ ᠪᠦᠯᠦᠭᠯᠡᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠦᠬᠠᠶ ᠬᠤᠲᠠ ᠶᠢᠨ ᠶᠤᠸᠠᠨ ᠰᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠺᠠᠩ ᠶᠤᠸᠠᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠪᠠᠶ ᠴᠦᠨ ᠯᠸᠢ ᠠᠵᠤ ᠠᠬᠤᠶᠢᠯᠠᠯ ᠤᠨ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃      ᠶᠠᠩ ᠭᠤᠸᠠᠩ ᠲᠢᠶᠠᠨ ᠢᠦᠢ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠡᠮᠦᠨ᠎ᠡ ᠦᠷᠳᠡᠭᠡ ᠶᠢᠨ ᠡᠮᠦᠨ᠎ᠡ ᠠᠭᠤᠳᠠᠮ ᠲᠠᠯᠠᠪᠠᠢ ᠳᠤ᠂ ᠪᠠᠢ ᠴᠦᠨ ᠯᠸᠢ ᠤᠢ ᠰᠢᠭᠤᠢ ᠡᠪᠡᠰᠦ ᠪᠡᠯᠴᠢᠭᠡᠷ ᠢ ᠰᠦᠢᠳᠭᠡᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠵᠠᠰᠠᠨ ᠰᠡᠷᠭᠦᠭᠡᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠣᠶᠢᠲᠤ ᠭᠠᠵᠠᠷ ᠪᠡᠯᠴᠢᠭᠡᠷ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号