ᠯᠢᠦ ᠪᠦᠦ ᠴᠧᠩ ︽5.1︾ ᠤ ᠬᠤᠭᠤᠴᠠᠭᠠᠨ ᠳᠠᠬᠢ ᠪᠥᠬᠦ ᠲᠣᠭᠤᠷᠢᠭ ᠤᠨ ᠠᠶᠤᠯᠭᠦᠶ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠪᠡᠯᠡᠳᠬᠡᠯ ᠠᠵᠢᠯ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/6
      5 ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ︽5 · 1︾ ᠤ ᠬᠤᠭᠤᠴᠠᠭᠠᠨ ᠳᠠᠬᠢ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠵᠢᠴᠢ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠰᠢᠤ ᠹᠠᠩ᠂ ᠮᠠ ᠺᠠᠢ᠂ ᠯᠢᠦ ᠲᠢᠶᠠᠨ ᠴᠢᠩ ᠣᠷᠣᠯᠴᠠᠪᠠ᠃      ᠬᠤᠲᠠ ᠶᠢᠨ ᠲᠣᠭᠤᠷᠢᠭ ᠤᠨ ᠤᠰᠤ ᠲᠠᠲᠠᠷᠠᠭᠤᠯᠵᠤ ᠢᠯᠴᠢ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠤᠨ ᠪᠠᠶᠠᠨ ᠣᠰᠣ ᠵᠡᠭᠡᠯᠢ ᠶᠢᠨ ᠪᠠᠷᠢᠯᠭ᠎ᠠ ᠶᠢᠨ ᠭᠠᠵᠠᠷ ᠲᠤ᠂ ᠯᠢᠦ ᠪᠦᠦ ᠴᠧᠩ ᠲᠥᠷᠥᠯ ᠵᠦᠢᠯ ᠤᠨ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠠᠷᠢᠯᠭ᠎ᠠ ᠶᠢᠨ ᠨᠢᠭᠡᠴᠡ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠠᠮᠤᠷ ᠲᠦᠪᠰᠢᠨ ᠤ ᠶᠠᠰᠤ ᠴᠢᠨᠠᠷ ᠤᠨ ᠤᠯᠠᠭᠠᠨ ᠱᠤᠭᠤᠮ᠂ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠠᠬᠢᠭᠤᠯᠬᠤ ᠶᠢᠨ ᠬᠠᠮᠲᠤ ᠪᠠᠷᠢᠯᠭ᠎ᠠ ᠶᠢᠨ ᠬᠤᠭᠤᠴᠠᠭᠠᠨ ᠳᠠᠬᠢ ᠡᠷᠬᠢᠨ ᠲᠣᠭᠤᠷᠢᠨ ᠤ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠵᠡᠶ᠃      ᠵᠧ ᠵᠢᠶᠠ ᠬᠡᠲᠦ ᠳᠡᠯᠭᠡᠭᠦᠷ ᠲᠤ ᠯᠢᠦ ᠪᠣᠣ ᠴᠧᠩ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠣᠶᠢᠯᠠᠭᠠᠵᠠᠶ᠃ ᠲᠡᠷᠡ ᠬᠡᠯᠡᠬᠦ ᠳᠡᠭᠡᠨ᠂ ᠬᠡᠲᠦ ᠳᠡᠯᠭᠡᠭᠦᠷ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠶ᠋ᠴᠡᠳᠬᠡᠵᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠣᠭᠤᠮᠲᠠ᠂ ᠡᠳᠦᠷ ᠲᠤᠲᠤᠮ ᠤᠨ ᠪᠠᠶᠢᠴᠠᠭᠠᠬᠤ ᠪᠣᠭᠤᠮᠲᠠ ᠶᠢ ᠰᠠᠶᠢᠲᠤᠷ ᠠᠳᠬᠤᠵᠤ᠂ ᠣᠯᠠᠨ ᠲᠦᠮᠡᠨ ᠢ ᠰᠠᠨᠠᠭ᠎ᠠ ᠠᠮᠤᠷ ᠬᠤᠳᠠᠯᠳᠤᠨ ᠠᠪᠤᠭᠤᠯᠵᠤ᠂ ᠰᠠᠨᠠᠭ᠎ᠠ ᠠᠮᠤᠷ ᠢᠳᠡᠭᠦᠯᠬᠦ ᠬᠡᠷᠡᠭᠲᠡᠶ ᠭᠡᠵᠡᠶ᠃ ᠭᠠᠯ ᠤᠨᠲᠠᠷᠠᠭᠠᠬᠤ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠷᠭᠡᠨ ᠣᠯᠠᠨ ᠠᠷᠠᠳ ᠲᠦᠮᠡᠨ ᠳᠤ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃      ᠬᠠᠶᠢᠨᠠᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ᠂ ᠯᠢᠦ ᠪᠦᠦ ᠴᠧᠩ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃      ᠥᠪᠥᠷ ᠮᠣᠩᠭᠤᠯ ᠤᠨ ᠬᠤᠢ ᠴᠠᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ᠂ ᠯᠢᠦ ᠪᠦᠦ ᠴᠧᠩ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ ︽ᠥᠴᠦᠬᠡᠨ ᠴᠦ ᠠᠯᠳᠠᠰᠢ ᠭᠠᠷᠭᠠᠬᠤ ᠦᠭᠡᠢ᠂ ᠨᠢᠭᠡ ᠴᠦ ᠠᠯᠳᠠᠰᠢ ᠭᠠᠷᠬᠤ ᠦᠭᠡᠢ︾ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠲᠣᠭᠲᠠᠭᠠᠯ ᠢ ᠰᠠᠶᠢᠲᠤᠷ ᠬᠡᠷᠡᠭᠵᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃      ᠷᠠᠰᠠᠩ ᠰᠦᠮ᠎ᠡ ᠪᠠᠯᠭᠠᠰᠤᠨ ᠤ ᠲᠣᠬᠠᠢ ᠶᠢᠨ ᠠᠭᠤᠯᠠᠨ ᠤ ᠵᠤᠭᠠᠴᠠᠯ ᠤᠨ ᠣᠷᠣᠨ᠂ ᠬᠠᠳᠤᠨ ᠭᠤᠣᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ ᠳᠤ᠂ ᠯᠢᠦ ᠪᠦᠦ ᠴᠧᠩ ︽ᠳᠠᠭᠤᠲᠤ ᠥᠪᠥᠷ ᠮᠣᠩᠭᠤᠯ ᠢᠶᠠᠷ ᠵᠤᠭᠠᠴᠠᠬᠤ︾ ᠵᠢᠴᠢ ︽ᠤᠮᠠᠷᠠᠲᠤ ᠶᠢᠨ ᠬᠠᠶᠢᠨᠠᠨ · ᠬᠠᠳᠤᠨ ᠭᠤᠣᠯ ᠤᠨ ᠰᠠᠯᠬᠢ︾ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠵᠤᠭᠠᠴᠠᠯ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠤᠯᠠᠨ ᠲᠠᠯ᠎ᠠ ᠠᠴᠠ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠥᠨᠳᠥᠷ ᠪᠠᠷᠢᠮᠵᠢᠶ᠎ᠠ ᠪᠠᠷ ᠪᠠᠬᠢᠵᠢᠭᠦᠯᠵᠦ᠂ ᠵᠤᠭᠠᠴᠠᠭᠰᠠᠳ ᠪᠣᠯᠤᠨ ᠬᠤᠳᠠ ᠶᠢᠨ ᠠᠷᠠᠳ ᠤᠨ ᠶᠠᠪᠤᠵᠤ ᠰᠠᠭᠤᠬᠤ ᠣᠶᠢᠯᠠᠭᠠᠯᠲᠠ ᠶᠢ ᠦᠨᠡᠨᠬᠦ ᠳᠡᠭᠡᠭᠰᠢᠯᠡᠭᠦᠯᠵᠦ᠂ ᠪᠦᠬᠦ ᠣᠷᠣᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号