5 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ | ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ | ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠯᠲᠡ | ᠲᠡᠰ ᠳᠡᠪᠰᠢᠬᠦ ᠳᠤ ᠬᠦᠴᠦᠨ ᠨᠡᠮᠡᠷᠢᠯᠡᠬᠦ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠦᠪᠡᠭᠴᠢᠯᠡᠬᠦ ᠶᠡᠷᠦᠩᠬᠡᠢ ᠱᠠᠭᠠᠷᠳᠠᠯᠭ᠎ᠠ ᠪᠣᠯᠤᠨ ᠱᠠᠳᠤᠴᠢ ᠴᠢᠨᠠᠷᠲᠠᠢ ᠱᠠᠭᠠᠷᠳᠠᠯᠭ᠎ᠠ ᠶᠢ ᠪᠠᠲᠤ | ᠡᠵᠡᠮᠳᠡᠵᠦ᠂ ᠮᠠᠨ ᠤ ᠲᠣᠭᠤᠷᠢᠭ ᠤᠨ ᠣᠨᠴᠠᠯᠢᠭ ᠢ ᠢᠯᠡᠷᠡᠭᠦᠯᠬᠦ ᠶᠢ ᠴᠢᠬᠤᠯᠠᠴᠢᠯᠠᠵᠤ᠂ ᠬᠠᠷᠢᠴᠠᠭᠤᠯᠤᠭᠰᠠᠨ | ᠳᠠᠪᠠᠭᠤᠯᠢᠭ ᠢᠶᠠᠨ ᠪᠠᠳᠠᠷᠠᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ᠂ ᠰᠡᠳᠬᠢᠴᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ | ᠰᠦᠪᠡᠭᠴᠢᠯᠡᠬᠦ ᠬᠡᠷᠡᠭᠲᠡᠢ᠃ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠵᠤᠨ ᠤ ᠤᠯᠠᠷᠢᠯ ᠤᠨ ᠣᠨᠴᠠᠯᠢᠭ ᠲᠤ | ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ | ᠭᠤᠭᠴᠤᠭ᠎ᠠ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃ | ᠬᠤᠷᠠᠯ ᠠᠴᠠ ︽ᠵᠢᠷᠭᠤᠭᠠᠨ ᠠᠵᠢᠯᠯᠠᠭ᠎ᠠ︾ ᠶᠢᠨ ᠠᠵᠢᠯ ᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠣᠯ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ | ᠡᠭᠦᠷᠭᠡ᠂ ᠬᠥᠭᠵᠢᠯᠲᠡ ᠶᠢᠨ ᠶᠡᠭᠡ ᠶᠠᠪᠤᠳᠠᠯ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠪᠥᠬᠦ ᠵᠢᠯ ᠤᠨ ᠬᠠᠷᠠᠯᠲᠠ ᠡᠭᠦᠷᠭᠡ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ᠂ | ᠠᠵᠢᠯ ᠤᠨ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠠᠬᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ | ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠣᠨᠣᠪᠴᠢᠲᠠᠶ ᠪᠥᠭᠡᠳ | ᠪᠣᠳᠠᠲᠠᠶ ᠪᠠᠷ ᠠᠳᠬᠤᠬᠤ ᠶᠢ ᠠᠬᠢᠭᠤᠯᠬᠤ ᠬᠡᠷᠡᠭᠲᠡᠶ᠃ | ᠬᠤᠷᠠᠯ ᠠᠴᠠ ᠪᠠᠰᠠ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠶᠠᠳᠤᠭᠠᠷ ᠤᠯᠠᠷᠢᠯ ᠤᠨ ᠠᠵᠤ ᠠᠬᠤᠶ ᠶᠢᠨ ᠠᠵᠢᠯ ᠢ | ᠳᠣᠭᠢᠷᠠᠭᠤᠯᠤᠨ ᠪᠠᠶᠢᠷᠢᠯᠠᠭᠤᠯᠵᠤ᠂ ︽ᠬᠠᠶᠢᠨᠠᠨ ᠲᠣᠭᠤᠷᠢᠭ ᠤᠨ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠪᠠᠲᠤᠲᠠᠶ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾᠂ ︽2025 ᠣᠨ ᠤ ᠬᠠᠶᠢᠨᠠᠨ | ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾ ᠵᠡᠷᠭᠡ ᠶᠢ ᠰᠤᠳᠤᠯᠤᠨ ᠬᠢᠨᠠᠨ | ᠵᠥᠪᠯᠡᠪᠡ᠃ |