ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/12
      6 ᠰᠠᠷ᠎ᠠ ᠶᠢᠨ 10 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠪᠠᠯᠭᠠᠰᠤ ︵ᠵᠡᠭᠡᠯᠢ ᠭᠤᠳᠤᠮᠵᠢ︶᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠠᠴᠠ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠰᠡᠳᠬᠢᠴᠡ ᠵᠦᠢ ᠶᠢᠨ ᠰᠠᠯᠪᠤᠷᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠴᠧᠨ ᠯᠢ ᠫᠧᠩ ᠢ ᠤᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠵᠢᠯᠣᠭᠤᠳᠣᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠶᠠᠷᠢᠶ᠎ᠠ ᠲᠠᠯᠪᠢᠵᠤ᠂ ᠰᠢ ᠶᠢᠨ ᠫᠢᠩ ᠶᠡᠷᠦᠩᠬᠡᠢ ᠱᠦᠵᠢ  ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠᠷ ᠵᠢᠯᠤᠭᠤᠳᠤᠯᠭ᠎ᠠ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠣᠯᠤᠨ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠲᠣᠭᠲᠠᠴᠠ ᠶᠢ ᠱᠠᠯᠠᠪᠳᠠᠨ ᠪᠠᠶᠢᠭᠤᠯᠵᠤ᠂ ︽ᠬᠡᠯᠪᠡᠷᠢᠲᠡᠢ᠂ ᠲᠦᠷᠦᠭᠳᠡᠯ ᠲᠠᠢ᠂ ᠪᠦᠲᠦᠮᠵᠢᠲᠡᠢ︾ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ︽ᠣᠯᠠᠨ ᠲᠣᠣᠷ ᠢ ᠨᠢᠭᠡᠳᠬᠡᠬᠦ᠂ ᠨᠢᠭᠡ ᠰᠦᠯᠵᠢᠶ᠎ᠡ ᠪᠠᠷ ᠶᠡᠷᠦᠩᠬᠡᠶᠢᠯᠡᠨ ᠵᠢᠯᠣᠭᠤᠳᠬᠤ︾ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠴᠢᠩᠭᠠᠳᠬᠠᠵᠤ᠂ ᠺᠠᠳ᠋ᠷ ᠤᠨ ᠦᠰᠦᠨ ᠪᠤᠶᠢᠵᠢᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠤᠯᠴᠠᠯᠭ᠎ᠠ ᠬᠥᠮᠦᠵᠢᠯ ᠢ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠨᠡᠪᠲᠡᠷᠡᠯᠴᠡᠭᠦᠯᠦᠨ ᠠᠬᠢᠭᠤᠯᠬᠤ ᠬᠡᠷᠡᠭᠲᠡᠢ᠃      ᠲᠤᠰᠬᠠᠶ ᠰᠡᠳᠦᠪᠲᠦ ᠬᠠᠪᠰᠤᠷᠤᠨ ᠵᠢᠯᠣᠭᠤᠳᠤᠭᠰᠠᠨ ᠤ ᠳᠠᠷᠠᠭ᠎ᠠ᠂ ᠬᠤᠷᠠᠯ ᠠᠴᠠ ᠪᠠᠰᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠥᠬᠦᠶ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢᠨ ᠲᠣᠭᠤᠷᠢᠨ ᠳᠤ ᠲᠤᠰᠬᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠲᠦᠷᠢᠮ ᠠᠴᠠ ᠵᠥᠷᠢᠴᠡᠨ ᠢᠳᠡᠵᠦ ᠤᠤᠭᠤᠬᠤ ᠬᠦᠨᠳᠦ ᠨᠣᠴᠢᠲᠠᠶ ᠤᠯᠤᠰ ᠲᠥᠷᠥ ᠶᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ︽ᠪᠠᠭ᠎ᠠ ᠶᠠᠪᠤᠳᠠᠯ ᠵᠢᠵᠢᠭ ᠰᠠᠵᠢᠭ ᠤᠴᠢᠷ ᠭᠡᠬᠦ ᠣᠨᠣᠯ︾᠂ ︽ᠬᠥᠭᠵᠢᠯᠲᠡ ᠶᠢ ᠨᠥᠯᠥᠭᠡᠯᠡᠬᠦ ᠣᠨᠣᠯ︾᠂ ︽ᠠᠵᠢᠯ ᠲᠥᠷᠥᠯ ᠤᠨ ᠣᠨᠴᠠᠭᠠᠶ ᠣᠨᠣᠯ︾ ᠵᠡᠷᠭᠡ ᠪᠤᠷᠤᠭᠤ ᠦᠵᠡᠯ ᠰᠠᠨᠠᠭᠠᠨ ᠤ ᠲᠠᠨᠢᠯᠲᠠ ᠶᠢ ᠠᠷᠢᠯᠭᠠᠵᠤ᠂ ᠲᠦᠷᠢᠮ ᠲᠣᠭᠲᠠᠭᠠᠯ ᠢ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠲᠠᠶᠢᠴᠢᠯᠠᠨ᠂ ᠲᠦᠷᠢᠮ ᠢ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠲᠦᠷᠦᠭᠦᠯᠡᠨ ᠬᠤᠷᠢᠭᠯᠠᠵᠤ᠂ ᠪᠡᠶ᠎ᠡ ᠪᠠᠨ ᠴᠢᠩᠭ᠎ᠠ ᠵᠠᠰᠠᠵᠤ᠂ ᠭᠠᠭᠴᠠᠭᠠᠷ ᠪᠠᠶᠢᠬᠤ ᠳᠠᠭᠠᠨ ᠪᠣᠯᠭᠤᠮᠵᠢᠲᠠᠢ ᠪᠠᠶᠢᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ᠂ ᠰᠢᠨ᠎ᠡ ᠰᠤᠷᠲᠠᠯ ᠢ ᠪᠤᠢ ᠪᠣᠯᠭᠠᠬᠤ ᠶᠢ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠲᠡᠶᠢᠰᠢ ᠲᠠᠰᠤᠷᠠᠯᠳᠠ ᠦᠭᠡᠢ ᠤᠷᠲᠤᠳᠬᠠᠬᠤ ᠶᠢ ᠲᠦᠷᠦᠭᠦᠯᠡᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号