6 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠠᠷᠢᠭᠤᠨ ᠴᠢᠬᠡᠴᠢ ᠪᠠᠷ ᠵᠠᠰᠠᠭ | ᠪᠠᠷᠢᠬᠤ ᠲᠤᠬᠠᠶ ᠶᠠᠷᠢᠯᠴᠠᠭ᠎ᠠ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠵᠠᠩ ᠽᠧ ᠢᠦᠢ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠨᠠᠷ ᠤᠷᠢᠳ ᠬᠤᠵᠢᠳ ᠷᠠᠰᠢᠵᠦ᠋ᠩ ᠵᠡᠭᠡᠯᠢ | ᠭᠤᠳᠤᠮᠵᠢ᠂ ᠷᠠᠰᠠᠩ ᠰᠦᠮ᠎ᠡ ᠪᠠᠯᠭᠠᠰᠤ᠂ ᠪᠠᠶᠠᠨᠲᠣᠬᠤᠶ ᠪᠠᠯᠭᠠᠰᠤ ᠵᠡᠷᠭᠡ ᠭᠠᠵᠠᠷ ᠲᠤ ᠬᠦᠷᠴᠦ᠂ ᠡᠯ᠎ᠡ ᠪᠠᠯᠭᠠᠰᠤ | ︵ᠵᠡᠭᠡᠯᠢ ᠭᠤᠳᠤᠮᠵᠢ︶᠂ ︵ᠲᠣᠰᠬᠤᠨ︶ ᠨᠡᠶᠢᠭᠡᠮ ᠲᠣᠭᠤᠷᠢᠭ ᠤᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠲᠠᠯ ᠤᠨ | ᠪᠠᠶᠢᠭᠤᠯᠤᠯᠲᠠ ᠶᠢᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ | ᠲᠥᠪ ᠤᠨ ᠨᠠᠢᠮᠠᠨ ᠵᠣᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠴᠢᠩᠭ᠎ᠠ ᠪᠣᠳᠠᠲᠠᠢ ᠠᠬᠢᠭᠤᠯᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠰᠠᠬᠢᠯᠭ᠎ᠠ ᠪᠠᠲᠤ | ᠶᠣᠰᠣ ᠲᠦᠷᠢᠮ ᠢ ᠴᠢᠩᠭ᠎ᠠ ᠰᠠᠬᠢᠵᠤ᠂ ᠮᠡᠳᠡᠬᠦᠢ ᠬᠢᠬᠦᠢ ᠪᠠᠨ ᠨᠢᠭᠡᠳᠬᠡᠵᠦ᠂ ᠥᠪᠡᠷ ᠢ ᠪᠠᠨ ᠲᠥᠪ ᠪᠣᠯᠭᠠᠵᠤ᠂ | ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠦᠨᠡᠨᠬᠦ ᠪᠠᠶᠢᠴᠠᠭᠠᠨ ᠪᠣᠳᠠᠲᠠᠢ ᠰᠠᠶᠢᠵᠢᠷᠠᠭᠤᠯᠵᠤ᠂ ᠰᠤᠷᠤᠯᠴᠠᠯᠭ᠎ᠠ ᠶᠢᠨ | ᠶᠠᠰᠤ ᠴᠢᠨᠠᠷ ᠲᠠᠢ᠂ ᠪᠠᠶᠢᠴᠠᠭᠠᠯᠲᠠ ᠶᠢᠨ ᠡᠷᠴᠢᠮ ᠲᠠᠢ᠂ ᠰᠠᠶᠢᠵᠢᠷᠠᠯᠲᠠ ᠲᠠᠢ ᠦᠷ᠎ᠡ ᠪᠦᠲᠦᠮᠵᠢ ᠲᠠᠢ ᠪᠠᠶᠢᠬᠤ ᠶᠢ | ᠪᠠᠲᠤᠯᠠᠬᠤ ᠬᠡᠷᠡᠭᠲᠡᠢ ᠭᠡᠵᠦ ᠬᠡᠯᠡᠪᠡ᠃ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠡᠷᠬᠢᠯᠡᠬᠦ ᠶᠢ ᠪᠠᠷᠢᠮᠲᠠᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ | ᠪᠤᠳᠤᠯᠭ᠎ᠠ ᠶᠢ ᠠᠷᠠᠳ ᠠᠴᠠ ᠠᠰᠠᠭᠤᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠪᠣᠳᠠᠲᠠᠢ ᠦᠷ᠎ᠡ ᠪᠦᠲᠦᠭᠡᠯ ᠢᠶᠠᠷ ᠠᠷᠠᠳ ᠤᠯᠠᠨ ᠳᠤ | ᠰᠤᠷᠲᠠᠯ ᠢᠶᠠᠨ ᠬᠤᠪᠢᠷᠠᠭᠤᠯᠵᠤ ᠰᠢᠨ᠎ᠡ ᠰᠤᠷᠲᠠᠯ ᠢ ᠪᠤᠢ ᠪᠣᠯᠭᠠᠭᠰᠠᠨ ᠰᠢᠨ᠎ᠡ ᠳᠦᠷᠰᠦ ᠪᠠᠶᠢᠳᠠᠯ ᠰᠢᠨ᠎ᠡ | ᠬᠤᠪᠢᠷᠠᠯᠲᠠ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ | ᠳᠠᠭᠠᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠭᠦᠢᠴᠡᠳᠬᠡᠵᠦ᠂ ᠲᠦᠷᠦᠭᠦᠯᠡᠨ ᠲᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠲᠦᠷᠦᠭᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ︽ᠣᠳᠣᠬᠠᠨ ᠤ ᠥᠭᠡᠷᠡᠴᠢᠯᠡᠯᠲᠡ︾ ᠪᠣᠯᠤᠨ | ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠠᠯᠢᠪᠠ ᠪᠤᠷᠤᠭᠤ | ᠲᠠᠨᠢᠯᠲᠠ ᠶᠢ ᠡᠷᠡᠰ ᠠᠷᠢᠯᠭᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠡᠷᠡᠰ | ᠬᠤᠷᠢᠭᠯᠠᠵᠤ᠂ ᠰᠢᠯᠢᠳᠡᠭ ᠨᠠᠮ ᠤᠨ ᠰᠤᠷᠲᠠᠯ ᠢᠶᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠰᠢᠯᠢᠳᠡᠭ | ᠰᠤᠷᠲᠠᠯ ᠢᠶᠠᠷ ᠠᠷᠠᠳ ᠤᠨ ᠰᠤᠷᠲᠠᠯ ᠢ ᠬᠦᠳᠦᠯᠥᠨ ᠳᠠᠭᠠᠭᠤᠯᠵᠤ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |