ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/13
      6 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠤᠨ 2025 ᠣᠨ ᠤ 11 ᠳ᠋ᠦᠭᠡᠷ ᠬᠤᠭᠤᠴᠠᠭᠠᠨ ᠳᠤ ᠨᠡᠶᠢᠲᠡᠯᠡᠭᠰᠡᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ︾ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠲᠤᠬᠠᠢ ᠴᠢᠬᠤᠯᠠ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠦᠵᠢᠭᠦᠯᠬᠦ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠳᠤ ᠴᠢᠨᠠᠷ᠂ ᠪᠣᠯᠤᠮᠵᠢᠲᠤ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠬᠢᠴᠢᠶᠡᠯ ᠪᠠ ᠰᠤᠷᠤᠭᠴᠢᠳ ᠤᠨ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠥᠮᠦᠨ ᠤ ᠠᠮᠢᠳᠤᠷᠠᠯ ᠤᠨ ︽ᠠᠩᠬᠠᠨ ᠤ ᠲᠣᠪᠴᠢ︾ ᠶᠢ ᠰᠠᠶᠢᠲᠤᠷ ᠠᠯᠬᠤᠭᠤᠯᠬᠤ ᠬᠡᠷᠡᠭᠲᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠪᠣᠯᠤᠨ ᠮᠠᠨ ᠤ ᠲᠣᠭᠤᠷᠢᠭ ᠤᠨ ᠠᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠪᠣᠳᠠᠲᠠᠢ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠢᠭᠡ ᠨᠢᠭᠡ ᠵᠦᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠰᠥᠰᠥ ᠵᠣᠷᠢᠭ ᠪᠣᠯᠤᠨ ᠴᠢᠩᠭ᠎ᠠ ᠠᠩᠬᠠᠷᠴᠤ ᠪᠠᠶᠢᠭᠠᠳ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠦᠬᠦ ᠵᠢᠯ ᠤᠨ ᠠᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃      ᠬᠤᠷᠠᠯ ᠠᠴᠠ ᠪᠦᠬᠦ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ ᠠᠵᠢᠯ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号