6 ᠰᠠᠷ᠎ᠠ ᠶᠢᠨ 13 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ | ᠪᠠᠶᠠᠨᠲᠤᠬᠤᠢ ᠪᠠᠯᠭᠠᠰᠤᠨ ᠤ 2025 ᠣᠨ ᠤ 14 ᠳ᠋ᠤᠭᠡᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ | ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠯᠠᠲ᠋ᠢᠨ ᠠᠮᠧᠷᠢᠺᠠ ᠶᠢᠨ | ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠬᠢᠯᠡᠯᠲᠡ ᠶᠢᠨ | ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠮᠠᠨ ᠤ | ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠪᠠᠯᠭᠠᠰᠤᠨ ᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ | ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠳᠤ ᠳᠤᠷᠠᠳᠤᠭᠰᠠᠨ ᠪᠦᠯᠬᠦᠮᠳᠡᠯ᠂ ᠬᠥᠭᠵᠢᠯᠲᠡ᠂ ᠪᠣᠯᠪᠠᠰᠤᠨ᠂ | ᠠᠷᠠᠳ ᠤᠨ ᠰᠡᠳᠬᠢᠯ ᠤᠨ ︽ᠲᠠᠪᠤᠨ ᠶᠡᠭᠡ ᠢᠨᠵᠧᠨᠧᠷᠢᠩ︾ ᠤᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ | ᠪᠣᠳᠠᠲᠠᠢ ᠳᠤ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠢᠶᠠᠩ ᠪᠠᠯᠭᠠᠰᠤᠨ ᠤ ᠠᠵᠤ ᠦᠢᠯᠡᠰ ᠤᠨ ᠦᠷᠭᠦᠯᠵᠢᠯᠡᠬᠦ | ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠯᠠᠪᠳᠠᠭᠤᠨ ᠢᠶᠠᠷ ᠤᠷᠤᠭᠰᠢᠯᠠᠬᠤ᠂ | ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠨᠡᠩ ᠤᠯᠠᠨ | ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠲᠠᠲᠠᠬᠤ ᠬᠡᠷᠡᠭᠲᠡᠢ᠃ | ᠬᠤᠷᠠᠯ ᠠᠴᠠ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠤᠨ ᠨᠠᠮ ᠤᠨ ᠰᠢᠯᠢᠳᠡᠭ ᠰᠤᠷᠲᠠᠯ ᠤᠨ ᠤᠬᠠᠮᠰᠠᠷᠲᠤ | ᠴᠢᠨᠠᠷ ᠤᠨ ᠲᠤᠬᠠᠢ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠡᠳᠦᠷ | ᠳᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠦᠨᠡᠨᠬᠦ ᠠᠳᠬᠤᠨ | ᠪᠣᠳᠠᠲᠠᠢ ᠠᠵᠢᠯᠯᠠᠵᠤ᠂ ᠬᠡᠯᠪᠡᠷᠢ ᠶᠢᠨ ᠦᠵᠡᠯ ᠢ ᠴᠢᠩᠭ᠎ᠠ ᠴᠡᠭᠡᠷᠯᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠨ ᠬᠡᠷᠡᠭᠵᠢᠭᠦᠯᠵᠦ | ᠪᠠᠷᠢᠨ ᠥᠭᠡᠷᠡᠴᠢᠯᠡᠬᠦ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠬᠢᠪᠡᠰᠦ ᠵᠣᠬᠢᠬᠤ ᠶᠠᠪᠤᠳᠠᠯ᠂ | ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠣᠯᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ᠂ ᠮᠥᠩᠬᠡ ᠶᠢᠨ ᠰᠡᠳᠦᠪ | ᠪᠣᠯᠭᠠᠵᠤ᠂ ᠰᠡᠷᠭᠡᠭ ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠠᠶᠠᠨᠲᠣᠬᠤᠶ | ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠳᠤᠯᠠᠪᠠ᠃ |