2025 ᠣᠨ ᠤ 6 ᠰᠠᠷ᠎ᠠ ᠶᠢᠨ 13 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/6/16
      ᠪᠠᠢ ᠴᠦᠨ ᠯᠸᠢ᠄ 6 ᠳ᠋ᠤᠭᠠᠷ ᠰᠠᠷ᠎ᠠ ᠶᠢᠨ 13 ᠤ ᠡᠳᠦᠷ ᠠᠴᠠ 15 ᠤ ᠡᠳᠦᠷ ᠪᠣᠯᠲᠠᠯ᠎ᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃      ᠱᠢ ᠯᠢ ᠴᠢᠶᠠᠩ᠄ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      ᠰᠢᠣ ᠹᠠᠩ᠄ 6 ᠰᠠᠷ᠎ᠠ ᠶᠢᠨ 12 ᠤ ᠡᠳᠦᠷ ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠦᠷᠴᠦ ᠰᠤᠷᠭᠠᠨ ᠬᠥᠮᠦᠵᠢᠯ ᠤᠨ ᠬᠠᠮᠵᠢᠯᠴᠠᠭᠠᠨ ᠤ ᠤᠴᠢᠷ ᠢ ᠵᠣᠯᠭᠠᠭᠤᠯᠪᠠ᠃      ᠯᠢᠦ ᠵᠢᠶᠠᠨ ᠫᠢᠩ᠄ ᠠᠵᠤ ᠠᠬᠤᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠲᠤᠰᠭᠠᠢ ᠠᠵᠢᠯᠯᠠᠭ᠎ᠠ ᠶᠢ  ᠰᠣᠳᠣᠯᠪᠠ᠃      ᠯᠢᠦ ᠲᠢᠶᠠᠨ ᠴᠢᠩ᠄ ᠳᠡᠳ᠋ ᠬᠤᠲᠠ ᠶᠢᠨ ᠳᠠᠷᠤᠭ᠎ᠠ ᠳᠤ ᠪᠠᠷ᠎ᠠ ᠪᠣᠯᠵᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠦᠬᠠᠢ ᠬᠤᠳᠠ ᠶᠢᠨ ᠷᠦᠩ ᠭᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠠᠭ᠋ᠠᠢ ᠲᠡᠵᠢᠭᠡᠬᠦ ᠲᠠᠯᠠᠪᠠᠢ ᠶᠢᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠸᠠᠩ ᠶᠦᠩ ᠱᠧᠩ᠄ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠬᠤᠷᠠᠯ᠂ ᠬᠤᠸᠠᠩ ᠭᠦᠩ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠤᠰᠬᠠᠢ ᠰᠡᠳᠦᠪᠲᠦ ᠠᠬᠢᠭᠤᠯᠬᠤ ᠬᠤᠷᠠᠯ ᠢ  ᠬᠤᠷᠠᠯᠳᠣᠭᠤᠯᠪᠠ᠃      ᠵᠠᠩ ᠨᠢᠩ᠄ ᠷᠠᠰᠠᠩ ᠰᠦᠮ᠎ᠡ ᠶᠢᠨ ᠮᠣᠩᠭᠤᠯ ᠡᠮ ᠡᠮᠨᠡᠯᠭᠡ ᠶᠢᠨ ᠰᠣᠩᠭᠤᠳᠠᠭ ᠵᠦᠢᠯ ᠢ ᠮᠡᠷᠭᠡᠵᠢᠯ ᠤᠨ ᠲᠤᠰᠬᠠᠢ ᠠᠰᠢᠭ ᠪᠠ ᠡᠮ ᠡᠮᠨᠡᠯᠭᠡ ᠶᠢᠨ ᠦᠢᠯᠡᠳᠬᠦᠨ ᠪᠣᠯᠭᠠᠨ ᠬᠤᠪᠢᠷᠠᠭᠤᠯᠬᠤ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ᠃      ᠶᠠᠩ ᠽᠧ ᠢᠦᠢ᠄ ᠬᠤᠵᠢᠷᠯᠢᠬ ᠭᠠᠵᠠᠷ ᠢ ᠰᠠᠶᠢᠵᠢᠷᠠᠭᠤᠯᠬᠤ ᠲᠦᠷᠦᠯ ᠵᠦᠢᠯ ᠤᠨ ᠬᠤᠵᠢᠷᠯᠢᠬ ᠨᠠᠭᠤᠷ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠵᠠᠭᠤᠷᠠᠯᠳᠤᠭᠠᠨ ᠤ ᠬᠤᠯᠪᠣᠭᠳᠠᠯ ᠪᠦᠬᠦᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠦᠳᠡ ᠶᠢᠨ ᠬᠤᠶᠢᠨ᠎ᠠ ᠠᠵᠢᠯ ᠤᠨ ᠪᠠᠶᠢᠷᠢ ᠳᠠᠭᠠᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号