6 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ | ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ | ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠡᠭᠡᠯᠢ | ᠭᠤᠳᠤᠮᠵᠢ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠵᠡᠭᠡᠯᠢ ᠭᠤᠳᠤᠮᠵᠢ ᠶᠢᠨ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠧᠨ | ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢ | ᠭᠦᠨᠵᠡᠭᠡᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠰᠢᠨ᠎ᠡ ᠶᠢ ᠡᠭᠦᠳᠬᠦ | ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ | ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ | ᠭᠡᠬᠦ ᠴᠢᠬᠤᠯᠠ ᠵᠣᠬᠢᠶᠠᠯ ᠢ ᠨᠠᠷᠢᠨ ᠬᠢᠨᠠᠮᠠᠭᠠᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ | ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠡᠶᠢᠭᠡᠮ | ᠲᠣᠭᠤᠷᠢᠭ ᠤᠨ ᠡᠯ᠎ᠡ ᠲᠦᠷᠦᠯ ᠤᠨ ᠠᠵᠢᠯᠯᠠᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠭᠡᠷ ᠪᠦᠯᠢ ᠰᠤᠷᠭᠠᠭᠤᠯᠢ | ᠨᠡᠶᠢᠭᠡᠮ ᠲᠣᠭᠤᠷᠢᠭ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠲᠦᠷᠭᠡᠨ ᠪᠦᠳᠦᠬᠡᠨ ᠪᠠᠶᠢᠭᠤᠯᠬᠤ ᠳᠤ ᠷᠠᠰᠢᠵᠦᠩ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |