ᠪᠠᠷᠠᠭᠤᠨ ᠤᠷᠠᠨᠳᠦ᠋ᠰᠢ ᠵᠡᠭᠡᠯᠢ ᠭᠤᠳᠤᠮᠵᠢ 2025 ᠣᠨ ᠤ 9 ᠳ᠋ᠤᠭᠡᠷ ᠤᠳᠠᠭᠠᠨ ᠤ ᠨᠠᠮ ᠤᠨ ᠠᠵᠢᠯᠯᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/17
      ᠣᠶᠢᠷ᠎ᠠ ᠳᠤ᠂ ᠪᠠᠷᠠᠭᠤᠨ ᠤᠷᠠᠨᠳᠦ᠋ᠰᠢ ᠵᠡᠭᠡᠯᠢ ᠭᠤᠳᠤᠮᠵᠢ ᠶᠢᠨ 2025 ᠣᠨ ᠤ 9 ᠳ᠋ᠤᠭᠡᠷ ᠤᠳᠠᠭᠠᠨ ᠤ ᠨᠠᠮ ᠤᠨ ᠠᠵᠢᠯᠯᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠶᠠᠩ ᠬᠠᠢ ᠳ᠋ᠦᠩ ᠬᠤᠷᠠᠯ ᠢ ᠡᠷᠬᠢᠯᠡᠪᠡ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠾᠧᠨᠠᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠵᠤ᠂ ᠵᠡᠭᠡᠯᠢ ᠭᠤᠳᠤᠮᠵᠢ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠪᠠᠷᠢᠮᠵᠢᠶᠠᠯᠠᠨ ᠬᠠᠷᠭᠤᠭᠤᠯᠵᠤ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠰᠠᠶᠢᠲᠤᠷ ᠠᠳᠬᠤᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠵᠤ᠂ ᠰᠠᠶᠢᠨ ᠰᠠᠶᠢᠬᠠᠨ ᠠᠵᠢᠯ ᠤᠨ ᠰᠤᠷᠲᠠᠯ ᠢ ᠪᠤᠢ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠠᠭᠤᠭᠠᠯᠢ ᠠᠷᠠᠳ ᠲᠤ ᠦᠢᠯᠡᠴᠢᠯᠡᠬᠦ ᠬᠡᠷᠡᠭᠲᠡᠢ᠃      ᠬᠤᠷᠠᠯ ᠠᠴᠠ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠬᠠᠷᠢᠶ᠎ᠠ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠵᠡᠭᠡᠯᠢ ᠭᠤᠳᠤᠮᠵᠢ ᠶᠢᠨ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠩᠭᠤᠶ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ᠃  ᠰᠢ ᠶᠢᠨ ᠫᠢᠩ ᠶᠡᠷᠦᠩᠬᠡᠶ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠶᠠᠪᠤᠴᠠ ᠶᠢ ᠵᠢᠷᠤᠮᠵᠢᠭᠤᠯᠤᠨ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ ︽ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠭᠠᠮᠨᠠᠨ ᠠᠷᠪᠢᠯᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠴᠢᠩᠭ᠎ᠠ ᠬᠡᠷᠡᠭᠵᠢᠭᠦᠯᠵᠦ᠂ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠱᠠᠯᠢᠨ ᠪᠦᠷᠢᠯᠭᠡᠬᠦ ᠶᠢ ᠡᠷᠡᠰ ᠬᠤᠷᠢᠭᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号