6 ᠰᠠᠷ᠎ᠠ ᠶᠢᠨ 16 ᠤ ᠡᠳᠦᠷ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ 8 ᠳ᠋ᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠯᠢᠶᠠᠩ ᠬᠠᠢ ᠳ᠋ᠦᠩ ᠬᠤᠷᠠᠯ ᠢ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ | ᠬᠢᠨᠠᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠦᠬᠦᠢ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ | ᠮᠡᠳᠡᠭᠳᠡᠭᠰᠡᠨ ᠪᠥᠭᠡᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠬᠤ ᠲᠣᠭᠤᠷᠢᠨ ᠳᠤ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢᠦᠶ ᠷᠦᠩ ᠵᠢᠶᠦ᠋ᠨ ᠬᠡᠯᠡᠬᠦ ᠳᠡᠭᠡᠨ᠂ | ᠨᠢᠭᠡ ᠳᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ | ᠴᠢᠬᠤᠯᠠ ᠡᠭᠦᠷᠭᠡ ᠪᠣᠯᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠵᠤ ᠠᠮᠵᠢᠯᠲᠠ ᠪᠦᠲᠦᠮᠵᠢ ᠭᠠᠷᠭᠠᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠤᠶᠠᠷ ᠲᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ᠂ ᠰᠢᠨ᠎ᠡ | ᠰᠤᠷᠲᠠᠯ ᠢ ᠪᠤᠢ ᠪᠣᠯᠭᠠᠬᠤ ᠶᠢ ᠲᠠᠰᠤᠷᠠᠯᠲᠠ ᠦᠭᠡᠢ ᠦᠨᠳᠦᠰᠦᠨ ᠱᠠᠳᠤ ᠲᠡᠰᠢ ᠤᠷᠲᠤᠳᠬᠠᠬᠤ ᠶᠢ ᠠᠬᠢᠭᠤᠯᠬᠤ | ᠬᠡᠷᠡᠭᠲᠡᠢ᠃ ᠭᠤᠷᠪᠠ ᠳᠤ᠂ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠣᠳᠣᠬᠠᠨ ᠳᠤ ᠲᠤᠯᠭᠠᠷᠠᠵᠤ | ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠲᠦᠷᠢᠮ ᠤᠨ | ᠲᠠᠯ᠎ᠠ ᠠᠴᠠ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠶᠢ ᠴᠢᠬᠤᠯᠠᠴᠢᠯᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠭᠦᠨᠵᠡᠭᠡᠶ ᠰᠤᠷᠤᠯᠴᠠᠵᠤ ᠨᠠᠷᠢᠨ ᠣᠶᠢᠯᠠᠭᠠᠬᠤ ᠳᠤᠮᠳᠠ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠲᠤᠬᠠᠶ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠦᠷᠭᠦᠯᠵᠢᠯᠡᠨ | ᠭᠦᠨᠵᠡᠭᠡᠶ ᠰᠤᠷᠤᠯᠴᠠᠬᠤ ᠪᠠᠷ ᠳᠠᠮᠵᠢᠭᠤᠯᠤᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠳᠬᠠᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠶᠢ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠪᠣᠳᠠᠲᠠᠶ ᠠᠵᠢᠯᠯᠠᠭ᠎ᠠ ᠪᠣᠯᠭᠠᠬᠤ ᠬᠡᠷᠡᠭᠲᠡᠶ᠃ ᠭᠦᠨᠵᠡᠭᠡᠢ ᠠᠭᠤᠳᠠᠯᠵᠤ ᠨᠠᠷᠢᠨ ᠨᠢᠮᠪᠠᠢ | ᠬᠠᠷᠭᠤᠭᠤᠯᠬᠤ ᠳᠤᠮᠳᠠ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠲᠠᠰᠤᠷᠠᠯᠲᠠ | ᠦᠭᠡᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ 7 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠲᠠᠢ ᠬᠠᠷᠭᠤᠭᠤᠯᠵᠤ᠂ ᠥᠪᠡᠷ ᠢ ᠪᠠᠨ ᠪᠠᠶᠢᠴᠠᠭᠠᠵᠤ | ᠥᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠪᠠᠶᠢᠴᠠᠭᠠᠨ ᠳᠡᠯᠭᠡᠵᠦ ᠭᠠᠷᠭᠠᠭᠰᠠᠨ | ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠪᠠᠭ᠎ᠠ ᠳᠡᠭᠡᠷ᠎ᠡ ᠨᠢ | ᠰᠡᠷᠭᠡᠶᠢᠯᠡᠬᠦ ᠬᠡᠷᠡᠭᠲᠡᠢ᠃ ᠪᠡᠶ᠎ᠡ ᠪᠠᠷ ᠢᠶᠠᠨ ᠵᠢᠱᠢᠶ᠎ᠡ ᠦᠵᠡᠭᠦᠯᠬᠦ ᠲᠠᠯ᠎ᠠ ᠪᠠᠷ ᠥᠭᠡᠷᠡᠴᠢᠯᠡᠬᠦ ᠪᠠᠷ ᠵᠠᠰᠠᠯᠲᠠ ᠶᠢ | ᠠᠬᠢᠭᠤᠯᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠤᠳᠤᠷᠢᠳᠬᠤ ᠪᠠᠭ ᠤᠨ ᠬᠢᠨ | ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ | ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠲᠦᠷᠢᠮ ᠢ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ | ᠲᠦᠷᠦᠭᠦᠯᠡᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ | ᠰᠤᠷᠲᠠᠯ ᠢᠶᠠᠨ ᠬᠤᠪᠢᠷᠠᠭᠤᠯᠬᠤ ᠶᠢ ᠳᠠᠶᠢᠴᠢᠯᠠᠬᠤ ᠬᠡᠷᠡᠭᠲᠡᠢ ᠭᠡᠵᠡᠢ᠃ |