2025 ᠣᠨ ᠤ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2025/6/18
      2025 ᠣᠨ ᠤ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ                ᠬᠠᠶᠢᠨᠠᠨ ᠵᠠᠰᠠᠭ ᠲᠠᠷᠬᠠᠭᠠᠭᠰᠠᠨ ︹2020︺ 16 ᠳ᠋ᠤᠭᠠᠷ ᠲᠣᠭᠠᠲᠤ        ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ︽2025 ᠣᠨ ᠤ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠣᠲᠣ ᠳᠣᠷᠣᠭᠰᠢ ᠪᠠᠭᠤᠶ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                                          2025 ᠣᠨ ᠤ 3 ᠰᠠᠷ᠎ᠠ ᠶᠢᠨ 7 ᠤ ᠡᠳᠦᠷ                                            ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶      2025 ᠣᠨ ᠤ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ       2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠯᠥᠪᠵᠢᠭᠦᠯᠭᠡ ᠶᠢᠨ ᠵᠢᠯ ᠮᠥᠨ᠂ ᠨᠠᠩ ᠴᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠬᠠᠶᠢᠨᠠᠨ ᠲᠣᠭᠤᠷᠢᠭ ᠤᠨ ᠬᠢᠨ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠳᠤᠮᠳᠠᠳᠤ ᠤᠯᠤᠰ ᠲᠤ ᠣᠷᠣᠭᠤᠯᠬᠤ︾ ᠬᠠᠷᠠᠯᠲᠠ ᠡᠭᠦᠷᠭᠡ ᠪᠣᠯᠤᠨ ᠦᠬᠠᠢ ᠬᠤᠳᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠨᠢᠭᠡ᠂ ᠭᠤᠤᠯ ᠡᠭᠦᠷᠭᠡ      2025 ᠣᠨ ᠳᠤ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠱᠢᠯᠲᠡ ᠪᠠᠷ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 10% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠵᠡᠷᠭᠡᠴᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠ ᠶᠢᠨ ᠨᠠᠮ ᠤᠨ ᠬᠤᠷᠢᠶ᠎ᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃      ᠬᠤᠶᠠᠷ᠂ ᠭᠤᠤᠯ ᠠᠷᠭ᠎ᠠ ᠬᠡᠮᠵᠢᠶ᠎ᠡ      ︵ᠨᠢᠭᠡ︶ ᠳᠠᠪᠰᠢᠯᠲᠠ ᠪᠠᠷ ᠲᠣᠭᠲᠠᠭᠤᠨ ᠢ ᠠᠬᠢᠭᠤᠯᠬᠤ᠂ ᠲᠣᠭᠲᠠᠭᠤᠨ ᠤ ᠳᠤᠮᠳᠠ ᠰᠢᠯᠢᠳᠡᠭ ᠢ ᠡᠷᠢᠯᠬᠢᠯᠡᠵᠦ᠂ ᠠᠵᠤ ᠠᠬᠤᠶ ᠶᠢᠨ ᠬᠥᠭᠵᠢᠯᠲᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠨᠢᠭᠡ ᠳᠤ ᠡᠯ᠎ᠡ ᠵᠦᠢᠯ ᠤᠨ ᠠᠰᠢᠭᠲᠠᠶ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠶ᠃ ︽ᠬᠠᠶᠢᠨᠠᠨ ᠲᠣᠭᠤᠷᠢᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠤᠨ ᠮᠠᠨ ᠤ  ᠲᠣᠭᠤᠷᠢᠭ ᠲᠤ ᠬᠤᠯᠪᠣᠭᠳᠠᠬᠤ ᠭᠤᠤᠯᠳᠠᠯᠭ᠎ᠠ ᠲᠠᠢ ᠠᠵᠢᠯ ᠵᠢᠴᠢ ᠴᠢᠬᠤᠯᠠ ᠶᠡᠭᠡ ᠲᠥᠷᠥᠯ ᠵᠦᠢᠯ ᠤᠨ ᠢᠯᠠᠯᠲᠠ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠲᠠᠪᠤᠨ ᠶᠡᠭᠡ ᠡᠭᠦᠷᠭᠡ ᠶᠢᠨ ᠡᠯ᠎ᠡ ᠵᠦᠢᠯ ᠤᠨ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠎ᠠ᠃ ᠬᠤᠶᠠᠷ ᠲᠤ᠂ ᠪᠡᠯᠡ ᠮᠥᠩᠭᠦ ᠣᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ︽ᠬᠡᠯᠲᠡᠰ ᠲᠤ ᠭᠦᠶᠦᠨ ᠲᠢᠩᠬᠢᠮ ᠳᠤ ᠣᠷᠣᠬᠤ︾ ᠡᠷᠴᠢᠮ ᠢᠶᠠᠨ ᠴᠢᠩᠭᠠᠷᠠᠭᠤᠯᠵᠤ᠂ ᠲᠠᠪᠤᠨ ᠲᠥᠷᠥᠯ ᠤᠨ ᠬᠤᠭᠤᠯᠠᠶ ᠶᠢᠨ ᠲᠣᠤᠷ᠂ ᠬᠠᠭᠤᠴᠢᠨ ᠵᠢᠵᠢᠭ ᠲᠣᠭᠤᠷᠢᠭ᠂ ᠠᠶᠤᠯ ᠠᠴᠠ ᠵᠠᠶᠢᠯᠠᠨ ᠨᠡᠭᠦᠯᠭᠡᠬᠦ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠤ ᠲᠣᠭᠤᠷᠢᠨ ᠳᠤ ︵ᠨᠢᠭᠡᠨᠲᠡ ᠨᠥᠭᠡᠴᠡᠯᠡᠭᠰᠡᠨ ᠪᠣᠯᠪᠠᠰᠤᠷᠠᠩᠭᠤᠶ ᠲᠥᠷᠥᠯ ᠵᠦᠢᠯ 12᠂ 6.59 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠨ᠎ᠠ︶ ᠲᠥᠷᠥᠯ ᠵᠦᠢᠯ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠥᠮᠥᠷᠭᠡ ᠳᠤ ᠣᠷᠣᠭᠤᠯᠬᠤ᠂ ᠪᠣᠭᠤᠳᠠᠯᠯᠠᠬᠤ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠩᠰᠠ ᠡᠪᠬᠡᠮᠡᠯ ᠪᠠᠶᠢᠭᠤᠯᠤᠨ ᠭᠤᠶᠤᠴᠢᠯᠠᠨ ᠮᠡᠳᠡᠭᠦᠯᠬᠦ ᠪᠥᠬᠦ ᠶᠠᠪᠤᠴᠠ ᠶᠢᠨ ᠮᠥᠷᠳᠡᠨ ᠦᠢᠯᠡᠴᠢᠯᠡᠬᠦ ᠬᠦᠴᠦᠨ ᠪᠠ ᠪᠠᠯᠠ ᠮᠥᠩᠭᠦ ᠣᠯᠵᠤ ᠰᠢᠨ᠎ᠡ ᠰᠢᠪᠲᠤᠯᠤᠯᠲᠠ ᠲᠠᠢ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ︽ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠮᠣᠷᠢ ᠤᠷᠤᠯᠳᠤᠬᠤ︾ ᠠᠵᠢᠯ ᠤᠨ ᠲᠣᠭᠲᠠᠴᠠ ᠶᠢ ᠰᠠᠶᠢᠲᠤᠷ ᠪᠠᠳᠠᠷᠠᠭᠤᠯᠤᠨ᠂ ᠪᠥᠬᠦ ᠶᠠᠪᠤᠴᠠ ᠶᠢᠨ ᠬᠠᠮᠢᠶᠠᠷᠤᠯᠲᠠ᠂ ᠪᠥᠬᠦ ᠶᠠᠪᠤᠴᠠ ᠶᠢᠨ ᠦᠢᠯᠡᠴᠢᠯᠡᠭᠡ᠂ ᠪᠥᠬᠦ ᠡᠯᠧᠮᠧᠨ᠋ᠲ ᠤᠨ ᠪᠠᠲᠤᠯᠠᠭ᠎ᠠ᠂ ᠪᠥᠬᠦ ᠦᠶᠡᠯᠡᠯ ᠤᠨ ᠬᠤᠭᠤᠴᠠᠭᠠᠨ ᠳᠤ ᠮᠥᠷᠳᠡᠬᠦ ᠦᠢᠯᠡᠴᠢᠯᠡᠭᠡᠨ ᠤ ᠬᠡᠯᠬᠢᠶ᠎ᠡ ᠶᠢ ᠪᠣᠶ ᠪᠣᠯᠭᠠᠵᠤ᠂ 2025 ᠣᠨ ᠤ 43 ᠭᠤᠤᠯᠳᠠᠯᠭ᠎ᠠ ᠲᠠᠢ ᠲᠥᠷᠥᠯ ᠵᠦᠢᠯ ᠢ ᠵᠢᠯ ᠤᠨ ᠳᠣᠲᠣᠷ᠎ᠠ 35.35 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ 15 ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠭᠤᠷᠪᠠ ᠳᠤ᠂ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠠᠶᠤᠯ ᠠᠴᠠ ᠵᠠᠶᠢᠯᠠᠭᠤᠯᠤᠨ ᠨᠡᠭᠦᠯᠭᠡᠵᠦ ᠲᠥᠪᠬᠢᠨᠡᠭᠦᠯᠬᠦ᠂ ︽ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ︾᠂ ᠬᠠᠭᠤᠴᠢᠨ ᠰᠠᠭᠤᠭᠠᠯᠢ ᠲᠣᠭᠤᠷᠢᠭ᠂ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠴᠢᠨᠠᠷ ᠰᠠᠶᠢᠲᠠᠶ ᠲᠥᠷᠥᠯ ᠵᠦᠢᠯ ᠢ ᠲᠥᠷᠥᠯ ᠬᠤᠪᠢᠶᠠᠨ ᠱᠠᠲᠤ ᠬᠤᠪᠢᠶᠠᠨ ᠨᠥᠭᠡᠴᠡᠯᠡᠵᠦ᠂ ᠬᠥᠮᠥᠷᠭᠡ ᠳᠤ ᠪᠠᠶᠢᠭ᠎ᠠ ᠴᠢᠬᠤᠯᠠ ᠶᠡᠭᠡ ᠲᠥᠷᠥᠯ ᠵᠦᠢᠯ ᠤᠨ 100 ᠠᠴᠠ ᠳᠡᠭᠡᠭᠰᠢ ᠬᠥᠳᠡᠯᠦᠩᠭᠦᠶ ᠪᠠᠷ ᠪᠠᠲᠤᠯᠠᠬᠤ ᠶᠢ ᠦᠨᠡᠨᠬᠦ ᠪᠠᠲᠤᠯᠠᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠤᠨ ᠲᠣᠭᠤᠷᠢᠨ ᠳᠤ᠂ ᠮᠠᠨ ᠤ ᠲᠣᠭᠤᠷᠢᠭ ᠤᠨ ᠣᠲᠣ ᠶᠢᠨ ᠪᠠᠶᠢᠭ᠎ᠠ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ᠂ ᠬᠡᠯᠬᠢᠶ᠎ᠡ ᠶᠢᠨ ᠭᠤᠤᠯ ᠠᠵᠤ ᠠᠬᠤᠶᠢᠯᠠᠯ ᠪᠠ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠢᠨ᠎ᠡ ᠬᠡᠯᠬᠢᠶ᠎ᠡ ᠶᠢ ᠪᠣᠶ ᠪᠣᠯᠭᠠᠨ᠎ᠠ᠃ ᠪᠦᠯᠦᠭᠯᠡᠯ ᠤᠨ ᠬᠦᠬᠡ ᠪᠢᠨᠳᠠᠷᠠᠶ᠎ᠠ᠂ ᠱᠠᠨ ᠲᠢᠶᠠᠨ ᠰᠢᠨ᠎ᠡ ᠮᠠᠲ᠋ᠧᠷᠢᠶᠠᠯ ᠤᠨ ᠨᠡᠭᠦᠷᠡᠰᠦᠲᠥ᠋ᠷᠥᠭᠴᠢ ᠶᠢᠨ ᠡᠷᠬᠢᠯᠳᠡᠳᠦ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ᠂ ᠨᠠᠨᠲ᠋ᠦ᠋ᠩ ᠤᠨ ᠰᠢᠨ ᠴᠧᠩ ᠰᠢᠨ᠎ᠡ ᠮᠠᠲ᠋ᠧᠷᠢᠶᠠᠯ ᠢ ᠡᠭᠦᠳᠬᠦ ᠵᠡᠷᠭᠡ ᠲᠦᠷᠦᠯ ᠵᠦᠢᠯ ᠢ ᠵᠣᠯᠭᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠨᠢᠭᠡ ᠪᠦᠯᠦᠭ ᠰᠢᠯᠢᠳᠡᠭ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠨ᠎ᠠ᠃      ︵ᠬᠤᠶᠠᠷ︶ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠨᠡᠮᠡᠭᠳᠡᠯ ᠤᠨ ᠬᠡᠮᠵᠢᠶ᠎ᠡ ᠶᠢ ᠬᠦᠴᠦᠷᠬᠡᠭᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠤᠨ᠎ᠠ᠃ ᠨᠢᠭᠡ ᠳᠤ᠂ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠪᠠ᠃ 3 ᠨᠡᠭᠦᠷᠡᠰᠦᠨ ᠠᠭᠤᠷᠬᠠᠢ ᠶᠢᠨ ᠡᠮᠬᠢᠯᠡᠨ ᠨᠡᠶᠢᠯᠡᠭᠦᠯᠦᠭᠰᠡᠨ ᠣᠷᠣᠨ ᠤ ᠴᠢᠬᠤᠯᠠ ᠨᠦᠬᠦᠴᠡᠯ ᠢ ᠮᠡᠳᠡᠭᠦᠯᠦᠨ ᠵᠥᠪᠰᠢᠶᠡᠷᠡᠭᠦᠯᠬᠦ ᠶᠢ ᠲᠦᠷᠭᠡᠳᠭᠡᠨ ᠠᠬᠢᠭᠤᠯᠵᠤ᠂ ᠨᠡᠭᠦᠷᠡᠰᠦᠨ ᠠᠭᠤᠷᠬᠠᠢ ᠶᠢ ᠡᠮᠬᠢᠯᠡᠨ ᠨᠡᠶᠢᠯᠡᠭᠦᠯᠬᠦ ᠶᠢ ᠲᠦᠷᠭᠡᠳᠭᠡᠨ ᠠᠬᠢᠭᠤᠯᠵᠤ᠂ ᠨᠢᠭᠡ ᠰᠠᠭᠤᠷᠢ ᠮᠣᠳᠣ ᠭᠠᠵᠠᠷ ᠣᠷᠣᠨ ᠤ ᠨᠡᠭᠦᠷᠡᠰᠦᠨ ᠤ ᠡᠬᠢ ᠪᠠᠶᠠᠯᠢᠭ ᠢ ᠬᠠᠶᠢᠨ ᠰᠢᠨᠵᠢᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠪᠡᠯᠡ ᠮᠥᠩᠭᠦ᠂ ᠵᠢᠷᠭᠤᠳᠤᠭᠠᠷ ᠲᠠᠪᠤᠨ ᠰᠠᠷ᠎ᠠ ᠶᠢᠨ ᠳᠥᠷᠪᠡᠨ ᠤ ᠨᠡᠭᠦᠷᠡᠰᠦ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠦᠷᠭᠡᠨ ᠪᠦᠲᠦᠭᠡᠨ ᠪᠠᠶᠢᠭᠤᠯᠤᠯᠲᠠ᠂ ᠡᠷᠲᠡ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ 3 ᠲᠥᠷᠥᠯ ᠵᠦᠢᠯ ᠢ ᠥᠭᠡᠷᠡᠴᠢᠯᠡᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃  ᠭᠦᠬᠤᠰᠣ ᠨᠡᠭᠦᠷᠡᠰᠦᠨ ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠲᠡ᠂ ᠮᠧᠩ ᠳ᠋ᠠ ᠨᠡᠭᠦᠷᠡᠰᠦᠨ ᠴᠢᠯᠠᠭᠤ ᠶᠢ ᠠᠰᠢᠭᠯᠠᠬᠤ ᠵᠡᠷᠭᠡ 15 ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠲᠦᠷᠭᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠬᠤᠶᠠᠷ ᠲᠤ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠬᠠᠢ ᠹᠧᠩ ᠰᠠᠯᠬᠢ ᠭᠡᠷᠡᠯᠴᠢ ᠴᠡᠨᠡᠭ ᠤᠰᠤᠲᠥ᠋ᠷᠥᠭᠴᠢ ᠦᠢᠯᠡᠳᠬᠦ ᠶᠢ ᠨᠢᠭᠡ ᠴᠤᠭᠴᠠᠵᠢᠭᠤᠯᠬᠤ᠂ ᠳ᠋ᠠ ᠲᠠᠩ ᠭᠤᠷᠪᠠᠨ ᠬᠡᠮᠵᠢᠯᠳᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠧᠷᠭᠢ ᠦᠢᠯᠡᠳᠪᠦᠷᠢᠯᠡᠬᠦ᠂ ᠲᠤᠨᠤᠭ ᠲᠥᠬᠦᠭᠡᠷᠦᠮᠵᠢ ᠦᠢᠯᠡᠳᠬᠦ᠂ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠨᠢᠭᠡ ᠴᠤᠬᠴᠠᠵᠢᠭᠤᠯᠤᠬᠰᠠᠨ ︽ᠰᠠᠯᠬᠢ ᠭᠡᠷᠡᠯ ᠤᠰᠤᠲᠥ᠋ᠷᠥᠭᠴᠢ ᠬᠠᠳᠠᠭᠠᠯᠠᠬᠤ︾ ᠠᠵᠤ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠥᠨᠳᠦᠷᠯᠢᠭ ᠭᠠᠵᠠᠷ ᠢ ᠬᠦᠴᠦᠯᠡᠨ ᠪᠠᠶᠢᠭᠤᠯᠵᠤ᠂ ᠾᠧ ᠯᠢ ᠨᠡᠭᠦᠷᠡᠰᠦᠲᠥ᠋ᠷᠥᠭᠴᠢ ᠶᠢᠨ ᠰᠢᠷᠬᠡᠭ᠂ ᠭᠤᠸᠠᠩ ᠶᠢᠨ BDO ᠵᠡᠷᠭᠡ ᠨᠢᠭᠡ ᠪᠦᠯᠦᠭ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠭᠦᠨᠵᠡᠭᠡᠶ ᠠᠭᠤᠰᠤᠯᠴᠠᠭᠰᠠᠨ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠢᠳᠡᠪᠬᠢᠲᠡᠶ ᠪᠠᠷ ᠪᠠᠶᠢᠭᠤᠯᠤᠨ᠎ᠠ᠃ ᠭᠤᠷᠪᠠ ᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ 3 ᠲᠦᠮᠡᠨ ᠮᠥ ᠥᠨᠳᠥᠷ ᠪᠦᠲᠦᠮᠵᠢᠲᠡᠶ ᠲᠠᠷᠢᠶᠠᠯᠠᠩ ᠤᠨ ᠤᠰᠤ ᠠᠷᠪᠢᠯᠠᠬᠤ ᠲᠥᠷᠥᠯ ᠵᠦᠶ᠋ᠯ ᠢ ᠡᠬᠢᠯᠡᠭᠦᠯᠦᠨ ᠪᠥᠲᠥᠭᠡᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ︽ᠪᠠᠶᠠᠨᠬᠤᠲᠠ ᠪᠠᠯᠭᠠᠰᠤ ᠶᠢᠨ ᠸᠠᠨ ᠮᠦ ᠲᠠᠨ ᠭᠠᠵᠠᠷ︾᠂ ︽ᠴᠢᠤᠸᠠᠢ ᠡᠯ ᠭᠧᠦ ᠶᠢᠨ ᠨᠠᠷᠢᠮᠤ︾᠂ ︽ᠱᠦ ᠰᠢᠶᠣᠣ ᠾᠧ︾ ᠵᠡᠷᠭᠡ ᠪᠣᠬᠢᠷᠳᠤᠯ ᠦᠭᠡᠢ ᠲᠠᠷᠢᠶᠠᠯᠠᠩ ᠤᠨ ᠨᠡᠷᠡᠲᠦ ᠲᠡᠮᠳᠡᠭ ᠢ ᠭᠤᠣᠯᠳᠠᠯᠭ᠎ᠠ ᠲᠠᠢ ᠡᠭᠦᠳᠴᠦ᠂ ᠥᠨᠳᠡᠭᠡᠨ ᠲᠠᠬᠢᠶ᠎ᠠ᠂ ᠭᠠᠭ᠋ᠠᠢ᠂ ᠰᠢᠨ᠎ᠡ ᠰᠣᠷᠭᠤᠭ ᠦᠵᠦᠮ ᠵᠡᠷᠭᠡ ︽ᠰᠢᠯᠢᠳᠡᠭ ᠣᠨᠴᠠ ᠨᠠᠷᠢᠯᠢᠭ ᠰᠢᠨ᠎ᠡ︾ ᠪᠦᠲᠦᠭᠡᠭᠳᠡᠬᠦᠨ ᠤ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠾᠧ ᠮᠧᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠲᠦᠷᠪᠡ ᠳᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠰᠢᠨ᠎ᠡ ᠰᠢᠰᠲ᠋ᠧᠮ ᠢ ᠪᠠᠶᠢᠭᠤᠯᠤᠨ᠎ᠠ᠃ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠶᠢᠨ ᠲᠠᠢ ᠴᠡᠴᠡᠷᠯᠢᠭ ᠤᠨ ᠬᠤᠸᠠ ᠹᠦ᠋ ᠬᠤᠳᠠᠯᠳᠤᠭᠠᠨ ᠤ ᠲᠣᠭᠤᠷᠢᠭ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠣᠶ ᠪᠣᠯᠭᠠᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠠᠷᠠᠳ ᠲᠤ ᠠᠰᠢᠭ ᠬᠦᠷᠲᠡᠭᠡᠵᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠡᠷᠴᠢᠮ ᠢᠶᠠᠷ ᠬᠥᠭᠵᠢᠭᠡᠨ᠎ᠡ᠃ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠰᠠᠭᠤᠷᠢᠨ ᠭᠠᠵᠠᠷ ᠲᠤ ᠲᠦᠰᠢᠭᠯᠡᠨ᠂ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠷᠦ᠋ ᠢ ᠵᠢᠶᠦ᠋ᠨ ᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠠᠵᠢᠯ ᠲᠥᠷᠥᠯ ᠤᠨ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠳᠤᠮᠳᠠᠳᠤ ᠮᠣᠩᠭᠤᠯ ᠣᠷᠣᠰ ᠤᠨ ᠣᠨᠴᠠᠯᠢᠭᠲᠤ ᠠᠷᠠᠯᠵᠢᠶᠠᠨ ᠤ ᠲᠣᠭᠤᠷᠢᠭ ᠤᠨ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ︽ᠨᠡᠪᠲᠡᠷᠡᠬᠦ ᠵᠠᠮ ᠤᠨ ᠬᠦᠢᠰᠦ ᠰᠦᠯᠵᠢᠶ᠎ᠡ︾ ᠶᠢ ᠨᠢᠭᠡ ᠴᠣᠭᠴᠠᠵᠢᠭᠤᠯᠤᠭᠰᠠᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮᠵᠢ ᠶᠢ ᠲᠦᠷᠭᠡᠳᠬᠡᠨ ᠪᠦᠷᠢᠯᠳᠦᠭᠦᠯᠦᠨ᠎ᠡ᠃      ︵ᠭᠤᠷᠪᠠ︶ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠶᠡᠷᠦᠩᠬᠡᠢᠯᠡᠨ ᠵᠠᠰᠠᠵᠤ ︽ᠦᠵᠡᠰᠭᠦᠯᠡᠩᠲᠦ ᠰᠠᠢᠬᠠᠨ ᠬᠠᠢᠨᠠᠨ︾ ᠪᠣᠬᠢᠷᠲᠤᠯ ᠥᠬᠡᠢ ᠰᠠᠭᠤᠷᠢ ᠶᠢ ᠪᠠᠲᠤᠳ ᠭᠠᠶ᠎ᠠ᠃ ᠨᠢᠭᠡ ᠳᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠳᠠᠭᠠᠨ ᠳᠠᠭᠠᠭᠠᠮᠠᠭᠠᠶ ᠲᠡᠶᠢᠨ ᠢ ᠡᠷᠡᠰ ᠰᠠᠶᠢᠲᠤᠷ ᠬᠢᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠡᠯ᠎ᠡ ᠲᠥᠷᠥᠯ ᠤᠨ ᠣᠷᠴᠢᠨ ᠲᠣᠭᠤᠷᠢᠨ ᠤ ᠠᠰᠠᠭᠤᠳᠠᠯ ᠢ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠨᠢᠭᠡᠨᠲᠡ ᠪᠡᠶᠡᠯᠡᠭᠦᠯᠦᠭᠰᠡᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠨ᠂ ᠳᠠᠬᠢᠨ ᠡᠭᠦᠰᠬᠦ ᠶᠢ ᠰᠡᠷᠭᠡᠶᠢᠯᠡᠵᠦ᠂ ᠶᠠᠭ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠶᠢ ᠨᠢ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ ᠠᠯᠢ ᠲᠦᠷᠭᠡᠨ ᠢᠶᠠᠷ ᠳ᠋ᠤᠭᠠᠷ ᠬᠠᠰᠤᠬᠤ ᠬᠡᠷᠡᠭᠲᠡᠶ᠃ ᠰᠠᠨ ᠪᠧᠢ ᠢᠨᠵᠧᠨᠧᠷᠢᠩ ᠤᠨ ᠠᠮᠢ ᠠᠬᠤᠢ ᠶᠢᠨ ᠰᠡᠷᠭᠦᠭᠡᠯᠲᠡ ᠶᠢ ᠭᠦᠨᠵᠡᠭᠡᠢ ᠬᠡᠷᠡᠭᠵᠢᠭᠦᠯᠵᠦ᠂ 5 ᠨᠣᠮᠧᠷ᠂ 6 ᠨᠣᠮᠧᠷᠲᠤ ᠨᠡᠭᠦᠷᠡᠰᠦᠨ ᠠᠭᠤᠷᠬᠠᠢ ᠶᠢ ᠲᠣᠭᠤᠷᠢᠭ ᠤᠨ ᠬᠤᠯᠪᠣᠭᠠᠯᠠᠨ ᠭᠠᠳᠠᠭᠰᠢᠯᠠᠭᠤᠯᠵᠤ ᠬᠤᠯᠪᠣᠭᠠᠯᠠᠨ ᠵᠠᠰᠠᠬᠤ ᠶᠢ ᠡᠬᠢᠯᠡᠨ ᠬᠡᠷᠡᠭᠵᠢᠭᠦᠯᠵᠦ᠂ ᠦᠬᠠᠢ ᠶᠢᠨ ᠡᠨᠧᠷᠭᠢ ᠶᠢᠨ ᠺᠣᠮᠫᠠᠨᠢ ᠶᠢᠨ 10 ᠺᠢᠯᠣᠮᠧᠳ᠋ᠷ ᠤᠨ ᠬᠡᠪᠴᠢᠶᠡᠨ ᠳᠠᠬᠢ 4 ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠥᠷᠨᠢᠭᠦᠯᠬᠦ ᠶᠢ ᠳᠡᠮᠵᠢᠵᠦ᠂ ᠴᠢᠤᠸᠠᠢ ᠡᠯ ᠭᠸᠤ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠣᠷᠣᠨ ᠤ ᠵᠠᠰᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠪᠡ᠃ ︽ᠲᠠᠪᠤᠨ ᠲᠣᠭᠤᠷᠢᠭ ᠨᠢᠭᠡ ᠭᠤᠣᠯ︾ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠶᠢ ᠴᠢᠩᠭ᠎ᠠ ᠠᠩᠬᠠᠷᠴᠤ᠂ ᠦᠵᠡᠰᠬᠦᠯᠡᠩᠲᠦ ᠰᠠᠶᠢᠬᠠᠨ ᠬᠠᠶᠢᠨᠠᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠣᠷᠣᠨ ᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ᠂ ᠲᠣᠭᠤᠰᠣ ᠳᠡᠭᠳᠡᠬᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠂ PM2.5 ᠶᠢᠨ ᠳᠤᠮᠳᠠᠴᠢ ᠥᠳᠬᠡᠴᠡ ᠶᠢ 30 ᠮᠢᠺᠷᠥᠭᠷᠠᠮ ᠠᠴᠠ ᠳᠣᠷᠣᠭᠰᠢ ᠬᠢᠵᠠᠭᠠᠷᠯᠠᠬᠤ ᠪᠠᠷ ᠴᠢᠷᠮᠠᠶᠢᠵᠤ᠂ ᠠᠭᠠᠷ ᠤᠨ ᠶᠠᠰᠤ ᠴᠢᠨᠠᠷ ᠢ ᠠᠳᠠᠯᠢ ᠬᠤᠭᠤᠴᠠᠭᠠᠨ ᠤ ᠬᠢ ᠠᠴᠠ ᠰᠠᠶᠢᠵᠢᠷᠠᠭᠤᠯᠤᠨ᠎ᠠ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠤᠰᠤ ᠪᠠᠷ ᠲᠦᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠰᠤᠨ ᠤ ᠡᠬᠢ ᠪᠠᠶᠠᠯᠢᠭ ᠤᠨ ᠲᠥᠰᠦᠪ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠂ ᠡᠩ ᠤᠨ ᠪᠤᠰᠤ ᠤᠰᠤᠨ ᠤ ᠠᠰᠢᠭᠯᠠᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠤᠰᠤ ᠠᠷᠪᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠵᠦᠬᠦᠷ ᠭᠤᠤ ᠵᠡᠷᠭᠡ ᠭᠤᠤᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠳᠥᠷᠪᠡᠨ ᠰᠠᠮᠠᠭᠤᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠰᠢᠭᠯᠠᠯᠲᠠ ᠶᠢᠨ ᠨᠣᠷᠮ᠎ᠠ ᠶᠢ ᠬᠠᠮᠢᠶᠠᠷᠤᠯᠲᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠰᠢᠭᠯᠠᠯᠲᠠ ᠶᠢᠨ ᠨᠣᠷᠮ᠎ᠠ ᠶᠢ 100% ᠳᠤ ᠬᠦᠷᠦᠭᠦᠯᠦᠨ᠎ᠡ᠃ ᠭᠤᠷᠪᠠ ᠳᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠠᠵᠢᠯ ᠢ ᠬᠦᠴᠦᠲᠡᠶ ᠠᠳᠬᠤᠬᠤ ᠬᠡᠷᠡᠭᠲᠡᠶ᠃ ︽ᠬᠤᠶᠠᠷ ᠥᠨᠳᠥᠷ︾ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠡᠵᠡᠮᠳᠡᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ ᠵᠡᠷᠭᠡ ᠡᠨᠧᠷᠭᠢ ᠶᠢᠨ ᠬᠤᠷᠣᠭᠳᠠᠯ ᠶᠡᠬᠡᠲᠡᠶ ᠠᠵᠢᠯ ᠲᠥᠷᠥᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠢᠳᠡᠪᠬᠢᠲᠡᠶ ᠠᠬᠢᠭᠤᠯᠵᠤ᠂ ᠳᠠᠭᠠᠭᠠᠴᠠ ᠶᠢᠨ ᠪᠣᠬᠢᠷᠲᠤᠯ ᠥᠬᠡᠶ ᠴᠠᠬᠢᠯᠭᠠᠨ ᠤ ᠲᠣᠬᠢᠷᠠᠭᠤᠯᠤᠯᠲᠠ ᠶᠢ ᠳᠣᠭᠢᠷᠠᠭᠤᠯᠬᠤ᠂ ᠦᠯᠡᠳᠡᠭᠡᠯ ᠳᠠᠭᠠᠭᠠᠴᠠ ᠶᠢᠨ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠠᠵᠢᠯᠯᠠᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠣᠷᠴᠢᠯ ᠠᠵᠤ ᠠᠬᠤᠶ ᠶᠢᠨ ᠨᠡᠭᠦᠷᠡᠰᠦᠲᠥ᠋ᠷᠥᠭᠴᠢ ᠪᠠᠭᠤᠷᠠᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠤᠨ᠂ ᠦᠷᠭᠦᠯᠵᠢᠯᠡᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠲᠦᠷᠪᠡ︶ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠨ᠎ᠡ᠃ ᠨᠢᠭᠡ ᠳᠤ᠂ ᠴᠢᠨᠠᠷ ᠰᠠᠶᠢᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠᠷ ᠭᠤᠣᠯ ᠪᠣᠯᠭᠠᠵᠤ᠂ ᠵᠠᠰᠠᠭ ᠤᠨ ᠶᠠᠪᠤᠳᠠᠯ ᠢ ᠴᠥᠭᠡᠳᠬᠡᠨ ᠡᠷᠬᠡ ᠶᠢ ᠲᠠᠯᠪᠢᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ᠂ ︽ᠰᠡᠷᠡᠯ ᠦᠭᠡᠢ ᠲᠣᠬᠢᠷᠠᠭᠤᠯᠤᠯᠲᠠ︾ ᠶᠢ ᠰᠦᠪᠡᠭᠴᠢᠯᠡᠨ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠥᠷᠨᠢᠭᠦᠯᠵᠦ᠂ ︽ᠤᠯᠠᠭᠠᠨ ᠬᠠᠷ᠎ᠠ ᠰᠠᠮᠪᠠᠷ᠎ᠠ︾ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠵᠠᠰᠠᠭ ᠤᠨ ᠣᠷᠳᠣᠨ ᠨᠡᠶᠢᠭᠡᠮ ᠤᠨ ᠬᠢᠨᠠᠯᠲᠠ ᠲᠠᠯᠪᠢᠵᠤ ᠢᠲᠡᠭᠡᠮᠵᠢ ᠠᠯᠳᠠᠭᠰᠠᠨ ᠬᠠᠷᠢᠭᠤᠴᠠᠯᠭ᠎ᠠ ᠨᠡᠬᠡᠮᠵᠢᠯᠡᠬᠦ︾ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠬᠤᠶᠠᠷ ᠲᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ 2.0 ᠬᠡᠪᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ᠪᠠᠯᠠ ᠮᠥᠩᠭᠦ ᠶᠢ 1892 ᠲᠦᠮᠡᠨ ᠲᠥᠭᠦᠷᠢᠭ ᠳᠣᠭᠢᠷᠠᠭᠤᠯᠵᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ ᠶᠢ ᠳᠠᠶᠢᠴᠢᠯᠠᠪᠠ᠃ ︽ᠬᠤᠤᠰ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 15 ᠳᠤᠮᠳᠠ ᠵᠢᠵᠢᠭ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠪᠠᠷ ᠴᠢᠷᠮᠠᠶᠢᠨ᠎ᠠ᠃ BDO ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠰᠤᠳᠤᠯᠤᠨ ᠨᠡᠭᠡᠭᠡᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃       ᠭᠤᠷᠪᠠ ᠳᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠡᠭ ᠰᠠᠭᠤᠷᠢ ᠲᠦᠰᠦᠪ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠬᠢᠨᠠᠯᠲᠠ ᠲᠠᠯᠪᠢᠯᠲᠠ ᠪᠠ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠬᠤᠷᠢᠨ ᠭᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠶᠢᠨ ᠪᠡᠯᠡ ᠣᠷᠣᠭᠤᠯᠤᠯᠲᠠ᠂ ᠤᠰᠤᠨ ᠤ ᠶᠠᠪᠤᠳᠠᠯ ᠤᠨ ᠪᠦᠯᠦᠭᠯᠡᠯ ᠤᠨ ᠵᠢᠷᠤᠮᠵᠢᠭᠰᠠᠨ ᠬᠠᠮᠢᠶᠠᠷᠤᠯᠲᠠ᠂ ᠥᠨᠳᠥᠷ ᠪᠦᠲᠦᠮᠵᠢᠲᠡᠶ ᠡᠵᠡᠩᠨᠡᠯᠲᠡ ᠶᠢ ᠬᠦᠴᠦᠯᠡᠨ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠦᠢᠯᠡᠴᠢᠯᠡᠭᠡᠨ ᠤ ᠲᠣᠪᠴᠢᠶ᠎ᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠬᠥᠭᠵᠢᠯᠲᠡ ᠶᠢ ᠠᠬᠢᠭᠤᠯᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠨᠠᠩ ᠰᠢᠯᠢᠳᠡᠭ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃      ︵ᠲᠠᠪᠤ︶ ᠬᠤᠲᠠ ᠬᠥᠳᠡᠭᠡ ᠬᠠᠮᠲᠤᠪᠠᠷ ᠤᠷᠤᠭᠰᠢᠯᠠᠵᠤ᠂ ᠣᠷᠣᠨ ᠪᠦᠰᠡ ᠶᠢᠨ ᠬᠠᠮᠵᠢᠯᠴᠠᠭ᠎ᠠ ᠬᠢᠵᠦ᠂ ᠬᠤᠲᠠ ᠶᠢᠨ ᠰᠢᠨᠡᠴᠢᠯᠡᠯᠲᠡ ᠶᠢᠨ ᠡᠨᠧᠷᠭᠢ ᠶᠢᠨ ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ᠂ ᠬᠤᠲᠠ ᠶᠢᠨ ᠲᠣᠭᠤᠷᠢᠭ ᠤᠨ ᠴᠢᠨᠠᠷ ᠴᠢᠨᠰᠠᠭ᠎ᠠ ᠪᠠ ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ᠃ ᠬᠤᠲᠠ ᠶᠢᠨ ᠲᠣᠭᠤᠷᠢᠭ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠵᠤ᠂ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠶ ᠶᠢᠨ ᠲᠣᠤᠷ ᠢ 8.9 ᠺᠢᠯᠣᠮᠧᠳ᠋ᠷ ᠳᠡᠪᠢᠰᠴᠦ᠂ 1.2 ᠺᠢᠯᠣᠮᠧᠳ᠋ᠷ ᠰᠢᠲᠠᠮᠠᠬᠠᠶ ᠬᠡᠶ ᠶᠢᠨ ᠬᠤᠭᠤᠯᠠᠶ ᠶᠢ ᠰᠢᠨ᠎ᠡ ᠪᠠᠷ ᠪᠠᠶᠢᠭᠤᠯᠵᠤ᠂ 2.4 ᠲᠦᠮᠡᠨ ᠬᠡᠰᠡᠭ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠰᠢᠲᠠᠮᠠᠬᠠᠶ ᠬᠡᠶ ᠶᠢᠨ ᠬᠡᠮᠵᠢᠭᠦᠷ ᠢ ᠰᠣᠯᠢᠪᠠ᠃ ᠷᠦ᠋ ᠢ᠂ ᠪᠢᠨ ᠾᠧ ᠵᠡᠷᠭᠡ 4 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠴᠢᠨᠠᠷ ᠰᠠᠶᠢᠲᠠᠢ ᠠᠬᠢᠭᠤᠯᠵᠤ᠂ 2005 ᠣᠨ ᠠᠴᠠ ᠡᠮᠦᠨ᠎ᠡ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠶᠢᠨ ᠬᠠᠢ ᠶᠤᠸᠠᠨ ᠤ ᠭᠤᠷᠪᠠᠳᠤᠭᠠᠷ ᠬᠤᠭᠤᠴᠠᠭᠠᠨ ᠤ ᠵᠠᠮ ᠢ ᠬᠠᠲᠠᠭᠤᠷᠠᠭᠤᠯᠵᠤ᠂ ᠭᠦᠨ ᠤᠰᠤ ᠵᠡᠭᠡᠯᠢ - ᠬᠠᠯᠢᠭᠤ ᠶᠢᠨ ᠵᠠᠮ ᠵᠡᠷᠭᠡ 7 ᠵᠠᠮ ᠬᠠᠷᠢᠯᠴᠠᠭᠠᠨ ᠤ ᠳᠣᠬᠢᠶᠠᠨ ᠳ᠋ᠧᠩ ᠨᠡᠮᠡᠪᠡ᠃ G1816 ᠦᠬᠠᠶ ᠶᠢᠨ ᠬᠡᠰᠡᠭ᠂ S37᠂ ᠬᠤᠸᠠᠩ ᠭᠦᠩ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠪᠠᠲᠤᠯᠠᠨ᠎ᠠ᠃ ᠬᠤᠶᠠᠷ ᠲᠤ᠂ ᠲᠠᠷᠢᠶᠠᠯᠠᠬᠤ ᠣᠷᠣᠨ ᠤ ᠲᠠᠰ ᠳᠠᠪᠬᠤᠷᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠴᠡᠪᠡᠷ ᠢᠯᠴᠢ ᠬᠠᠩᠭᠠᠬᠤ ᠥᠭᠡᠷᠡᠴᠢᠯᠡᠯᠲᠡ ᠶᠢᠨ ᠬᠤᠶᠠᠳᠤᠭᠠᠷ ᠬᠤᠭᠤᠴᠠᠭ᠎ᠠ᠂ ᠬᠤᠲᠠ ᠬᠥᠳᠡᠭᠡ ᠶᠢ ᠨᠢᠭᠡ ᠴᠤᠭᠴᠠᠵᠢᠭᠤᠯᠤᠨ ᠤᠰᠤ ᠬᠠᠩᠭᠠᠬᠤ ᠶᠢ ᠬᠡᠷᠡᠭᠵᠢᠭᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠦᠷᠭᠡᠨ ᠬᠦᠷᠭᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠵᠡᠷᠭᠡ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠥᠷᠢᠳᠦᠭᠦᠯᠬᠦ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠭᠤᠷᠪᠠ ᠳᠤ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶ ᠠᠬᠢᠭᠤᠯᠪᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠨᠢᠭᠡ ᠪᠦᠰᠡ ᠨᠢᠭᠡ ᠵᠠᠮ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠢᠳᠡᠪᠬᠢᠲᠡᠶ ᠠᠬᠢᠭᠤᠯᠵᠤ᠂ ︽ᠤᠯᠠᠭᠠᠨᠬᠤᠳᠠ ᠷᠠᠰᠢᠶᠠᠨ︾ ᠤ ᠬᠠᠮᠲᠤᠷᠠᠯᠴᠠᠭᠠᠨ ᠤ ᠲᠣᠭᠲᠠᠴᠠ ᠶᠢ ᠰᠠᠶᠢᠲᠤᠷ ᠪᠠᠳᠠᠷᠠᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠬᠠᠮᠵᠢᠯᠴᠠᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠬᠡᠷᠡᠭᠳᠡᠢ᠃ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ᠂ ᠠᠵᠤ ᠦᠢᠯᠡᠰ ᠤᠨ ᠳᠡᠭᠡᠳᠦ ᠳᠣᠤᠷᠠᠳᠤ ᠤᠷᠤᠰᠬᠠᠯ ᠤᠨ ᠢᠵᠢ ᠪᠥᠷᠢᠳᠦᠭᠦᠯᠬᠦ᠂ ᠪᠣᠬᠢᠷᠲᠤᠯ ᠥᠬᠡᠶ ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠵᠦᠶ᠋ᠯᠡᠰ ᠴᠢᠬᠤᠯᠠ ᠰᠢᠪᠲᠤᠯᠤᠯᠲᠠ ᠲᠠᠢ ᠪᠣᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠲᠥᠪᠯᠡᠷᠡᠯ ᠤᠨ ᠬᠡᠮᠵᠢᠶ᠎ᠡ ᠪᠠ ᠥᠷᠢᠰᠦᠯᠳᠦᠬᠦ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃      ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠥᠭᠵᠢᠯᠲᠡ ᠶᠢ ᠬᠠᠮᠲᠤᠪᠠᠷ ᠡᠳ᠋ᠯᠡᠵᠦ᠂ ᠵᠣᠯ ᠵᠢᠷᠭᠠᠯᠲᠤ ᠬᠤᠲᠠ ᠶᠢᠨ ᠲᠣᠭᠤᠷᠢᠭ ᠤᠨ ᠦᠯᠢᠭᠡᠷ ᠬᠡᠪ ᠢ ᠬᠦᠴᠦᠯᠡᠨ ᠪᠠᠶᠢᠭᠤᠯᠤᠨ᠎ᠠ᠃ ᠨᠢᠭᠡ ᠳᠤ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠪᠥᠬᠦ ᠣᠷᠣᠨ ᠤ ᠬᠤᠲᠠ ᠪᠠᠯᠭᠠᠰᠤ ᠶᠢᠨ 1025 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠪᠠᠷ ᠴᠢᠷᠮᠠᠶᠢᠨ᠎ᠠ᠃ ︽ᠨᠢᠭᠡ ᠨᠠᠰᠤᠲᠠᠨ ᠨᠢᠭᠡ ᠵᠢᠵᠢᠭ︾ ᠦᠶ᠋ᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠨᠠᠰᠤᠲᠠᠨ ᠢ ᠠᠰᠠᠷᠠᠵᠤ ᠬᠠᠷᠠᠭᠠᠯᠵᠠᠨ ᠠᠰᠠᠷᠠᠬᠤ᠂ ᠡᠮᠴᠢᠯᠡᠭᠡ ᠡᠷᠡᠭᠦᠯᠵᠢᠯ ᠵᠡᠷᠭᠡ ᠨᠢᠭᠡ ᠴᠣᠭᠴᠠᠵᠢᠭᠤᠯᠤᠭᠰᠠᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠨᠠᠰᠤᠲᠠᠶᠢᠴᠤᠳ ᠤᠨ ᠬᠤᠭᠤᠯᠠ ᠲᠤᠰᠠᠯᠠᠬᠤ ᠦᠶ᠋ᠯᠡᠴᠢᠯᠡᠭᠡ ᠶᠢ ᠭᠦᠨᠵᠡᠭᠡᠶᠢᠷᠡᠭᠦᠯᠵᠦ᠂ ᠬᠡᠤᠬᠡᠳ ᠰᠠᠭᠠᠲᠠᠭᠤᠯᠬᠤ ᠦᠶ᠋ᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠡᠦᠬᠡᠲᠦ ᠴᠢᠨᠠᠷᠲᠠᠶ ᠲᠥᠪᠯᠡᠷᠡᠭᠦᠯᠦᠨ ᠪᠤᠯᠠᠰᠢᠯᠠᠬᠤ ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠶᠠᠷ ᠲᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠷᠪᠠᠨ ᠶᠢᠰᠦᠳᠦᠭᠡᠷ ᠳᠤᠮᠳᠠᠳᠤ ᠰᠤᠷᠭᠠᠭᠤᠯᠢ ᠶᠢ ᠴᠢᠨᠠᠷ ᠰᠠᠶᠢᠲᠠᠶ ᠰᠠᠶᠢᠲᠤᠷ ᠡᠷᠬᠢᠯᠡᠵᠦ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠰᠢᠨ᠎ᠡ ᠰᠤᠷᠭᠠᠭᠤᠯᠢ ᠶᠢᠨ ᠲᠣᠭᠤᠷᠢᠭ ᠢ ᠡᠬᠢᠯᠡᠨ ᠬᠡᠷᠡᠭᠯᠡᠵᠦ᠂ ᠬᠤᠲᠠ ᠶᠢᠨ ᠱᠠᠲᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠪᠠ ᠤᠷᠲᠤᠳᠬᠠᠨ ᠦᠢᠯᠡᠴᠢᠯᠡᠬᠦ ᠶᠢ ᠢᠳᠡᠪᠬᠢᠲᠡᠢ ᠲᠡᠮᠡᠴᠡᠨ ᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠪᠠᠭᠰᠢ ᠶᠢᠨ ᠬᠦᠴᠦᠨ ᠤ ᠪᠣᠯᠪᠠᠰᠤᠷᠠᠭᠤᠯᠤᠯ ᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ 40 ᠪᠠᠭᠰᠢ ᠶᠢ ᠨᠥᠬᠦᠪᠥᠷᠢᠯᠡᠨ᠎ᠡ᠃ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠤᠲᠠ ᠶᠢᠨ ᠲᠠᠰ ᠤᠨ ᠶᠠᠰᠤ ᠰᠢᠷᠬ᠎ᠠ ᠶᠢ ᠣᠨᠣᠰᠢᠯᠠᠨ ᠡᠮᠨᠡᠬᠦ ᠲᠥᠪ ᠢ ᠴᠢᠷᠮᠠᠶᠢᠨ ᠪᠠᠶᠢᠭᠤᠯᠬᠤ ᠶᠢ ᠳᠡᠮᠵᠢᠨ᠎ᠡ︔ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ︽ᠲᠣᠭᠤᠷᠢᠭ ᠤᠷᠢᠵᠤ ᠭᠠᠴᠠᠭ᠎ᠠ ᠬᠡᠷᠡᠭᠯᠡᠬᠦ︾᠂ ︽ᠬᠡᠰᠡᠭ ᠬᠤᠪᠢᠶᠠᠨ ᠳᠠᠭᠠᠭᠠᠴᠢᠯᠠᠭᠤᠯᠬᠤ︾ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠡᠬᠢᠯᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠪᠠᠭᠤᠷᠠᠭᠤᠯᠬᠤ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠲᠦᠰᠢᠭᠯᠡᠨ᠂ ᠡᠮᠴᠢᠯᠡᠭᠡᠨ ᠤ ᠮᠡᠷᠭᠡᠵᠢᠯ ᠢ ᠠᠬᠢᠭᠤᠯᠤᠨ᠎ᠠ᠃ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠢ ᠣᠯᠠᠨ ᠲᠠᠯ᠎ᠠ ᠠᠴᠠ ᠳᠡᠭᠡᠭᠰᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠠᠵᠢᠯᠲᠠᠨ 21 ᠬᠥᠮᠥᠨ᠂ ᠣᠶᠤᠲᠠᠨ ᠲᠣᠰᠬᠤᠨ ᠤ ᠡᠮᠴᠢ 4 ᠬᠥᠮᠥᠨ ᠢ ᠣᠷᠣᠭᠤᠯᠤᠨ ᠠᠪᠴᠢᠷᠠᠪᠠ᠃ ᠭᠤᠷᠪᠠ ᠳᠤ᠂ ᠣᠷᠣᠨ ᠪᠦᠰᠡ ᠶᠢᠨ ᠤᠨᠴᠠᠯᠢᠭᠳᠤ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠳᠡᠮᠵᠢᠵᠦ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠲᠤᠨ ᠭᠤᠤᠯ ᠤᠨ ᠪᠠᠷᠠᠭᠤᠨ ᠠᠶᠠᠯᠠᠯ ᠤᠨ ᠠᠶᠠᠨᠴᠢᠳ ᠤᠨ ᠪᠠᠭᠤᠳᠠᠯ᠂ ᠵᠢᠵᠢᠭ ᠭᠤᠷᠪᠠᠳᠤᠭᠠᠷ ᠱᠤᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠬᠦᠷᠢᠶᠡᠯᠡᠩ ᠵᠡᠷᠭᠡ ᠵᠢᠭᠤᠯᠴᠢᠯᠠᠯ ᠤᠨ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠨᠴᠠᠯᠢᠭᠲᠤ ᠲᠠᠷᠢᠶᠠᠯᠠᠩ ᠰᠣᠶᠣᠯ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠱᠤᠭᠤᠮ ᠢ ᠪᠣᠶ ᠪᠣᠯᠭᠠᠵᠤ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠵᠤ᠂ ᠭᠤᠤᠯ ᠰᠡᠳᠦᠪ ᠨᠢ ᠢᠯᠡ ᠲᠣᠳᠣ᠂ ᠠᠭᠤᠯᠤᠭᠳᠠᠬᠤᠨ ᠨᠢ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠲᠦᠷᠪᠡ ᠳᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠠᠤᠯᠢᠵᠢᠯ ᠤᠨ ᠪᠠᠲᠤᠯᠠᠭ᠎ᠠ ᠶᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠴᠢᠩᠭᠠᠳᠬᠠᠬᠤ ᠶᠢ ᠴᠢᠬᠤᠯᠠᠴᠢᠯᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠭᠦᠨᠵᠡᠭᠡᠢ ᠪᠠᠶᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠃ ᠠᠵᠤ ᠠᠬᠤᠶ᠂ ᠨᠡᠶᠢᠭᠡᠮ᠂ ᠠᠮᠢ ᠠᠬᠤᠶ ᠵᠡᠷᠭᠡ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠮᠤ ᠪᠤᠳᠠᠭ᠎ᠠ ᠪᠠ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠡᠷᠡᠰ ᠪᠠᠲᠤᠯᠠᠵᠤ᠂ ᠡᠳ᠋ ᠤᠨ ᠵᠠᠰᠠᠭ ᠤᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠥᠷᠢ ᠥᠭᠴᠡᠭᠡ ᠶᠢ ᠠᠷᠢᠯᠭᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠥᠷᠢ ᠥᠭᠴᠡᠭᠡ ᠶᠢᠨ ᠬᠠᠳᠠᠭᠠᠯᠠᠭᠳᠠᠴᠠ ᠶᠢ ᠲᠣᠬᠢᠲᠠᠶ ᠠᠷᠢᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠶᠢ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠦᠨᠡᠨᠬᠦ ᠰᠠᠶᠢᠲᠤᠷ ᠰᠠᠬᠢᠬᠤ ᠬᠡᠷᠡᠭᠲᠡᠶ᠃             ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                             2025 ᠣᠨ ᠤ 3 ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号