ᠪᠠᠢ ᠴᠦᠨ ᠯᠸᠢ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/6/19
      6 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠶ᠋ᠳᠪᠦᠷᠢᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ᠂ ᠶᠠᠩ ᠽᠧ ᠢᠦᠢ ᠣᠷᠣᠯᠴᠠᠪᠠ᠃      ᠪᠠᠢ ᠴᠦᠨ ᠯᠸᠢ ᠨᠠᠷ ᠤᠷᠢᠳ ᠬᠤᠵᠢᠳ ᠬᠠᠶᠢᠨᠠᠨ ᠲᠣᠭᠤᠷᠢᠭ ᠤᠨ ᠳ᠋ᠠ ᠮᠦᠸᠧ ᠴᠣᠬᠤᠢ ᠴᠢᠯᠠᠭᠤᠨ ᠤ ᠠᠭᠤᠷᠬᠠᠢ᠂ ᠰᠢᠨ ᠵᠢᠶᠠ ᠯᠧ ᠶᠡᠷᠦᠩᠬᠡᠶᠢᠯᠡᠭᠰᠡᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠢᠶᠠᠨ ᠢᠦᠢ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ᠂ ᠱᠠᠨ ᠾᠧ ᠲᠣᠰᠬᠤᠨ ᠵᠡᠷᠭᠡ ᠭᠠᠵᠠᠷ ᠲᠤ ᠬᠦᠷᠴᠦ᠂ ᠠᠰᠠᠭᠤᠳᠠᠯ ᠤᠨ ᠰᠢᠯᠲᠠᠭᠠᠨ ᠪᠣᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠴᠢᠩᠭ᠎ᠠ ᠨᠠᠷᠢᠨ ᠬᠢᠨᠠᠮᠠᠭᠠᠢ ᠣᠪᠣᠷ ᠪᠣᠯᠤᠨ ᠡᠷᠡᠰ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠲᠥᠪ ᠤᠨ ᠬᠤᠶᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠳᠤᠲᠠᠭᠤᠳᠠᠯ ᠬᠦᠷᠦᠯᠴᠡᠬᠦ ᠦᠭᠡᠢ ᠲᠠᠯ᠎ᠠ᠂ ᠬᠡᠮ ᠰᠣᠭᠤᠭ ᠲᠠᠢ ᠰᠢᠯᠲᠠᠭᠠᠨ ᠢᠶᠠᠨ ᠭᠦᠨᠵᠡᠭᠡᠢ ᠡᠷᠢᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠬᠦ ᠭᠤᠣᠯ ᠴᠣᠭᠴᠠ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠣᠯᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ︽ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠦᠭᠡᠢ ᠪᠣᠯ ᠲᠠᠯᠪᠢᠬᠤ ᠦᠭᠡᠢ︾ ᠪᠠᠶᠢᠬᠤ ᠶᠢ ᠪᠠᠲᠤᠯᠠᠵᠤ᠂ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠣᠳᠠᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠨ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ ᠶᠢ ᠳᠠᠶᠢᠴᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号