6 ᠰᠠᠷ᠎ᠠ ᠶᠢᠨ 18 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠵᠣᠷᠪᠣᠰ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ | ᠬᠥᠮᠦᠵᠢᠯ ᠤᠨ ᠬᠠᠮᠲᠤ ᠪᠠᠷ ᠰᠡᠳᠬᠢᠯ ᠤᠨ ᠦᠭᠡ ᠪᠠᠨ ᠶᠠᠷᠢᠯᠴᠠᠬᠤ ᠬᠤᠷᠠᠯ ᠵᠢᠴᠢ ᠰᠠᠬᠢᠯᠭ᠎ᠠ ᠪᠠᠲᠤ ᠣᠪᠣᠷ | ᠰᠤᠷᠲᠠᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠯᠢᠦ ᠪᠦᠦ ᠴᠧᠩ ᠬᠠᠮᠲᠤ ᠪᠠᠷ ᠰᠡᠳᠬᠢᠯ ᠤᠨ ᠦᠭᠡ ᠪᠠᠨ ᠶᠠᠷᠢᠯᠴᠠᠬᠤ ᠶᠢᠨ ᠬᠠᠮᠲᠤ ᠰᠠᠬᠢᠯᠭ᠎ᠠ ᠪᠠᠲᠤ ᠣᠪᠣᠷ | ᠰᠤᠷᠲᠠᠯ ᠤᠨ ᠨᠠᠮ ᠤᠨ ᠬᠢᠴᠢᠶᠡᠯ ᠣᠷᠣᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠰᠢᠤᠢ ᠪᠢᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠲᠣᠭᠤᠷᠢᠭ ᠤᠨ | ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾᠂ ᠬᠤᠳᠠ ᠶᠢᠨ ᠨᠠᠮ ᠤᠨ ᠬᠤᠷᠢᠶᠠᠨ ᠤ | ᠬᠠᠮᠢᠶᠠᠷᠤᠯᠲᠠ ᠶᠢᠨ ᠲᠤᠰᠢᠶᠠᠯ ᠤᠨ ᠲᠡᠰ ᠤᠨ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠯᠢᠦ ᠪᠤᠤ ᠴᠧᠩ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ ᠴᠢᠩᠳᠠᠯᠠᠵᠤ᠂ | ᠪᠣᠳᠠᠲᠠᠶᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠦᠢᠯᠡᠳᠦᠯᠭᠡ ᠶᠢᠨ | ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠰᠠᠶᠢᠲᠤᠷ ᠬᠢᠵᠦ᠂ | ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠤᠬᠠᠮᠰᠠᠷ ᠠᠴᠠ ᠪᠠᠨ | ᠰᠠᠬᠢᠯᠭ᠎ᠠ ᠪᠠᠲᠤ ᠶᠣᠰᠣ ᠲᠦᠷᠢᠮ ᠢ ᠬᠥᠭᠵᠢᠯᠲᠡ ᠶᠢ ᠰᠦᠪᠡᠭᠴᠢᠯᠡᠬᠦ᠂ ᠡᠭᠦᠷᠭᠡ ᠶᠢ ᠪᠠᠶᠢᠷᠢᠯᠠᠭᠤᠯᠬᠤ᠂ ᠠᠵᠢᠯ ᠢ | ᠠᠬᠢᠭᠤᠯᠬᠤ ᠦᠢᠯᠡᠳᠦᠯᠭᠡ ᠶᠢᠨ ᠳᠤᠮᠳᠠ ᠲᠤᠤᠱᠯᠠᠭᠤᠯᠬᠤ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠲᠠᠢ | ᠬᠠᠷᠢᠴᠠᠭᠤᠯᠤᠨ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠴᠢᠩᠳᠠᠯᠠᠵᠤ᠂ ᠪᠣᠳᠠᠲᠠᠶᠢᠵᠢᠭᠤᠯᠬᠤ | ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠶᠢᠨ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠲᠣᠰ ᠪᠡᠶ᠎ᠡ ᠳᠤ ᠣᠷᠣᠰᠢᠵᠤ ᠪᠠᠶᠢᠭ᠎ᠠ | ᠬᠦᠷᠦᠯᠴᠡᠬᠦ ᠦᠭᠡᠢ ᠲᠠᠯ᠎ᠠ ᠪᠠ ᠵᠥᠷᠢᠶ᠎ᠡ ᠶᠢ ᠭᠦᠨᠵᠡᠭᠡᠶ ᠪᠠᠶᠢᠴᠠᠭᠠᠨ ᠳᠡᠯᠭᠡᠬᠦ ᠶᠢᠨ ᠬᠠᠮᠲᠤ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠬᠦᠨᠳᠦ ᠨᠣᠴᠢᠲᠠᠶ ᠴᠢᠨᠠᠷ ᠪᠠ ᠬᠤᠤᠷ ᠬᠥᠨᠥᠭᠡᠯᠲᠦ ᠴᠢᠨᠠᠷ ᠢ | ᠭᠦᠨᠵᠡᠭᠡᠶ ᠲᠠᠨᠢᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ | ᠠᠳᠬᠤᠵᠤ᠂ ᠬᠠᠭᠤᠴᠢᠨ ᠬᠡᠷᠡᠭ ᠢᠶᠠᠨ ᠲᠣᠳᠣᠷᠬᠠᠶ ᠮᠡᠳᠡᠵᠦ᠂ ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠬᠦᠴᠦᠨ | ᠦᠭᠡᠢ ᠪᠠᠶᠢᠬᠤ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠪᠠᠶᠢᠳᠠᠯ᠂ ᠨᠡᠶᠢᠲᠡᠯᠢᠭ ᠵᠢᠱᠢᠶ᠎ᠡ ᠶᠢ ᠠᠳᠬᠤᠵᠤ᠂ ᠵᠠᠷᠯᠠᠨ | ᠮᠡᠳᠡᠭᠳᠡᠬᠦ ᠶᠢ ᠠᠳᠬᠤᠵᠤ᠂ ︽ᠰᠡᠳᠬᠢᠯ ᠢᠳᠡᠭᠡᠳ ᠵᠠᠯᠠᠷᠠᠭᠤᠯᠬᠤ ᠥᠬᠡᠶ︾᠂ ︽ᠠᠷᠢᠬᠢᠨ ᠤ ᠰᠢᠨᠤᠯ ᠢ | ᠰᠡᠷᠡᠮᠵᠢᠯᠡᠬᠦᠯᠬᠦ ᠳᠤ ᠪᠡᠷᠬᠡ︾ ᠭᠡᠬᠦ ᠨᠡᠶᠢᠲᠡᠯᠢᠭ ᠵᠢᠱᠢᠶ᠎ᠡ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠥᠪᠡᠷ ᠤᠨ ᠪᠡᠶ᠎ᠡ ᠪᠠᠨ ᠬᠠᠲᠠᠭᠤ ᠴᠢᠩᠭ᠎ᠠ ᠥᠩᠭᠡᠷᠡᠭᠦᠯᠬᠦ ᠲᠠᠯ᠎ᠠ ᠪᠠᠷ ᠴᠢᠩᠳᠠᠯᠠᠵᠤ᠂ ᠪᠣᠳᠠᠲᠠᠶᠢᠵᠢᠭᠤᠯᠬᠤ ᠬᠡᠷᠡᠭᠲᠡᠶ᠃ | ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠵᠡᠷᠭᠡ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠦᠷᠭᠦᠯᠵᠢ ᠬᠠᠷᠢᠴᠠᠭᠤᠯᠤᠨ ᠥᠪᠡᠷ ᠢ ᠪᠠᠨ | ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠦᠵᠡᠵᠦ᠂ ᠪᠣᠯᠭᠤᠮᠵᠢᠲᠠᠶ ᠨᠠᠶᠢᠵᠠᠯᠠᠵᠤ᠂ ᠬᠡᠷ ᠤᠨ ᠬᠥᠮᠦᠰ ᠢᠶᠠᠨ ᠰᠠᠶᠢᠲᠤᠷ | ᠬᠠᠮᠢᠶᠠᠷᠴᠤ᠂ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ︽ᠵᠦᠭᠯᠡᠭᠦᠷ︾᠂ ︽ᠰᠢᠯᠭᠠᠭᠤᠷ ᠴᠢᠯᠠᠭᠤ︾ ᠪᠣᠯᠭᠠᠵᠤ᠂ ᠣᠯᠠᠨ ᠲᠦᠮᠡᠨ ᠳᠤ ᠨᠢᠳᠦᠨ ᠳᠤ | ᠦᠵᠡᠭᠳᠡᠵᠦ ᠭᠠᠷ ᠲᠤ ᠪᠠᠷᠢᠭᠳᠠᠮ᠎ᠠ ᠯᠠᠪᠳᠠᠭᠤᠨ ᠪᠠᠲᠤᠲᠠᠶ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠨ᠎ᠠ᠃ | ᠬᠤᠷᠠᠯ ᠳᠡᠭᠡᠷ᠎ᠡ᠂ ᠯᠢᠦ ᠪᠦᠦ ᠴᠧᠩ ᠲᠥᠪ ᠤᠨ ᠨᠠᠢᠮᠠᠨ ᠲᠣᠭᠲᠠᠭᠠᠯ ᠢ ᠲᠣᠭᠲᠠᠭᠠᠬᠤ ᠠᠴᠠ ᠬᠡᠷᠡᠭᠵᠢᠭᠦᠯᠬᠦ | ᠬᠦᠷᠲᠡᠯᠡᠬᠢ ᠴᠢᠬᠤᠯᠠ ᠵᠠᠩᠭᠢᠯᠠᠭ᠎ᠠ ᠶᠢᠨ ᠴᠡᠭ ᠢ ᠡᠷᠭᠢᠴᠡᠭᠦᠯᠬᠦ᠂ ᠨᠠᠢᠮᠠᠨ ᠲᠣᠭᠲᠠᠭᠠᠯ ᠢ ᠭᠦᠨᠵᠡᠭᠡᠢ ᠰᠤᠷᠤᠯᠴᠠᠨ | ᠨᠠᠷᠢᠨ ᠣᠶᠢᠯᠠᠭᠠᠬᠤ ᠳᠤᠮᠳᠠᠳᠤ ᠤᠯᠤᠰ ᠢ ᠬᠤᠪᠢᠷᠠᠭᠤᠯᠬᠤ ᠰᠡᠩᠬᠡᠷᠡᠭᠦᠯᠦᠯ᠂ ᠴᠢᠩᠭ᠎ᠠ ᠪᠣᠳᠠᠲᠠᠢ ᠭᠤᠣᠯ ᠬᠦᠭ | ᠠᠶᠠᠰ ᠢ ᠴᠢᠨᠠᠭᠰᠢᠳᠠ ᠲᠤᠪᠤᠶᠢᠯᠭᠠᠬᠤ ᠵᠡᠷᠭᠡ 3 ᠲᠠᠯ᠎ᠠ ᠪᠠᠷ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ | ᠰᠡᠳᠦᠪᠲᠦ ᠨᠠᠮ ᠤᠨ ᠬᠢᠴᠢᠶᠡᠯ ᠢ ᠲᠠᠶᠢᠯᠪᠤᠷᠢᠯᠠᠪᠠ᠃ | ᠪᠥᠬᠦ ᠲᠤᠭᠤᠷᠢᠭ ᠤᠨ ᠰᠠᠯᠠᠭᠠᠨ ᠤ ᠲᠠᠰ ᠤᠨ ᠺᠠᠳ᠋ᠷ᠂ ᠵᠠᠯᠠᠭᠤ ᠺᠠᠳ᠋ᠷ ᠬᠤᠷᠠᠯ ᠳᠤ ᠣᠷᠣᠯᠴᠠᠵᠠᠶ᠃ |