2025 ᠣᠨ ᠤ 6 ᠰᠠᠷ᠎ᠠ ᠶᠢᠨ 19 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/6/20
      ᠪᠠᠢ ᠴᠦᠨ ᠯᠧᠢ᠄  ᠬᠤᠲᠠ ᠶᠢᠨ ᠵᠠᠰᠠᠭ ᠤᠨ ᠣᠷᠳᠣᠨ ᠤ ᠲᠤᠰᠭᠠᠢ ᠰᠡᠳᠦᠪᠲᠦ ᠬᠤᠷᠠᠯ ᠳᠤ ᠣᠷᠣᠯᠴᠠᠵᠤ᠂ ᠱᠦᠵᠢ ᠶᠢᠨ ᠲᠤᠰᠭᠠᠢ ᠰᠡᠳᠦᠪᠲᠦ ᠬᠤᠷᠠᠯ ᠳᠤ ᠣᠷᠣᠯᠴᠠᠪᠠ᠃      ᠱᠢ ᠯᠢ ᠴᠢᠶᠠᠩ᠄ ᠵᠢᠩ ᠢᠦᠢ ᠮᠠᠰᠢᠨ ᠴᠠᠬᠢᠯᠭᠠᠨ ︵ᠭᠦᠢᠵᠧᠦ︶ ᠤᠨ ᠬᠢᠵᠠᠭᠠᠷᠲᠤ ᠺᠣᠮᠫᠠᠨᠢ ᠪᠣᠯᠤᠨ ᠦᠬᠠᠢ ᠶᠢᠨ ᠲᠢᠶᠠᠨ ᠴᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ MILED ᠰᠢᠨ᠎ᠡ ᠬᠡᠯᠪᠡᠷᠢ ᠶᠢᠨ ᠦᠵᠡᠭᠦᠯᠬᠦ ᠮᠠᠲ᠋ᠧᠷᠢᠶᠠᠯ ᠤᠨ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠵᠤ᠂ ᠦᠬᠠᠢ ᠬᠤᠳᠠ ᠶᠢᠨ ᠳᠠᠬᠢᠯᠲᠠ ᠡᠬᠢ ᠪᠠᠶᠠᠯᠢᠭ ᠢ ᠠᠰᠢᠭᠯᠠᠬᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠤ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠵᠤ ᠠᠰᠢᠭᠯᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠤᠳᠠᠭᠠᠨ ᠪᠠᠶᠢᠬᠤ ᠠᠰᠠᠭᠤᠳᠠᠯ ᠤᠨ ᠲᠤᠬᠠᠢ ᠪᠣᠯᠵᠣᠨ ᠶᠠᠷᠢᠯᠴᠠᠵᠤ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠠᠯ ᠤᠨ ᠭᠠᠮᠰᠢᠭ ᠢ ᠪᠠᠶᠢᠴᠠᠭᠠᠬᠤ ᠠᠳᠡᠯ ᠤᠨ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠪᠠ᠃      ᠰᠢᠣ ᠹᠠᠩ᠄  ᠱᠦᠵᠢ ᠶᠢᠨ ᠲᠤᠰᠭᠠᠢ ᠰᠡᠳᠦᠪᠲᠦ ᠬᠤᠷᠠᠯ ᠳᠤ ᠣᠷᠣᠯᠴᠠᠨ᠎ᠠ᠃      ᠯᠢᠦ ᠵᠢᠶᠠᠨ ᠫᠢᠩ᠄ ᠪᠦᠬᠦ ᠲᠠᠯ᠎ᠠ ᠶᠢᠨ ᠡᠩᠨᠡᠭᠡᠨ ᠤ ᠬᠠᠮᠢᠶᠠᠷᠤᠯᠲᠠ ᠵᠢᠴᠢ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠯᠢᠦ ᠲᠢᠶᠠᠨ ᠴᠢᠩ᠄ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠤᠬᠢᠷᠠᠭᠤᠯᠭ᠎ᠠ ᠶᠢᠨ ᠬᠤᠷᠠᠯ ᠳᠤ ᠣᠷᠣᠯᠴᠠᠵᠤ᠂ ᠱᠦᠵᠢ ᠶᠢᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      ᠸᠠᠩ ᠶᠦᠩ ᠱᠧᠩ᠄  ᠱᠦᠵᠢ ᠶᠢᠨ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃      ᠵᠠᠩ ᠨᠢᠩ᠄ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠳᠡᠭᠡᠷ᠎ᠡ ᠬᠠᠭᠠᠰ ᠵᠢᠯ ᠤᠨ ᠠᠵᠢᠯᠯᠠᠭᠠᠨ ᠤ ᠪᠠᠶᠢᠳᠠᠯ ᠢ ᠰᠣᠨᠣᠰᠪᠠ᠃      ᠶᠠᠩ ᠽᠧ ᠢᠦᠢ᠄ 6 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ ᠤᠰᠤᠨ ᠠᠰᠢᠭᠯᠠᠯᠲᠠ ᠶᠢᠨ ᠶᠠᠮᠤᠨ ᠤ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠳᠤ ᠬᠦᠷᠴᠦ ᠤᠰᠤᠨ ᠤ ᠡᠬᠢ ᠪᠠᠶᠠᠯᠢᠭ ᠢ ᠨᠤᠲᠠᠯᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号