ᠯᠢᠦ ᠪᠦᠦ ᠴᠧᠩ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/23
      6 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠮᠠ ᠺᠠᠢ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠨᠠᠷ ᠤᠷᠢᠳ ᠬᠤᠵᠢᠳ ᠦᠬᠠᠢ ᠬᠤᠳᠠ ᠶᠢᠨ ᠯᠢᠦᠢ ᠪᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠬᠠᠢ ᠶᠢᠨ ᠾᠧᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ ᠸᠧᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠮᠥᠨ᠃ ᠠᠵᠤ ᠠᠬᠤᠶᠢᠯᠠᠯ ᠤᠨ ᠬᠢᠨ ︽ᠨᠢᠭᠡ ᠶᠢ ᠠᠯᠳᠠᠪᠠᠯ ᠲᠦᠮᠡ ᠶᠢ ᠠᠯᠳᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠯᠲᠡ ᠳᠤ ᠰᠠᠭᠤᠷᠢᠯᠠᠵᠤ᠂ ᠠᠮᠤᠷ ᠲᠦᠪᠰᠢᠨ ᠤ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠵᠢᠯᠳᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠤ ᠠᠬᠤᠶᠢᠯᠠᠯ ᠢ ᠱᠠᠯᠠᠪᠳᠠᠭᠤᠯᠤᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ︽ᠦᠢᠯᠡᠴᠢᠯᠡᠭᠴᠢ︾ ᠪᠣᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠢᠳᠡᠪᠬᠢᠲᠡᠢ ᠵᠣᠯᠭᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠰᠠᠨᠠᠭ᠎ᠠ ᠠᠮᠤᠷ ᠦᠢᠯᠡᠳᠪᠦᠷᠢᠯᠡᠬᠦ᠂ ᠥᠷᠨᠢᠩᠭᠦᠢ ᠬᠥᠭᠵᠢᠬᠦ ᠳᠤ ᠬᠦᠴᠦᠨ ᠨᠡᠮᠡᠷᠢᠯᠡᠵᠦ᠂ ᠬᠠᠶᠢᠨᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号